ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 7.4 ᠲᠦᠮᠡᠨ ᠳ᠋ᠦᠩᠰᠢᠭᠤᠷ ᠺᠢᠯᠣᠸᠠᠲ ᠴᠠᠭ ᠢ ᠳᠠᠪᠠᠪᠠ
ᠨᠡᠶᠢᠲᠡᠯᠡᠭᠰᠡᠨ ᠴᠠᠭ᠄
2024/10/28
      ᠤᠯᠤᠰ ᠤᠨ ᠡᠨᠧᠷᠭᠢ ᠢᠢᠨ ᠲᠣᠪᠴᠢᠶ᠎ᠠ ᠠᠴᠠ ᠣᠶᠢᠯᠠᠭᠠᠬᠰᠠᠨ ᠢᠶᠠᠷ᠂ 9 ᠰᠠᠷ᠎ᠠ ᠳᠤ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 8475 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ   ᠠᠴᠠ 8.5% ᠪᠠᠷ ᠨᠡᠮᠡᠭᠳᠡᠪᠡ᠃ ᠡᠭᠦᠨ ᠳᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ 6.4%᠂ 3.6%᠂ 12.7% ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠭᠰᠡᠨ ᠴᠠᠬᠢᠯᠭᠠᠨ ᠤ ᠬᠡᠮᠵᠢᠶ᠎ᠡ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 27.8% ᠪᠠᠷ ᠨᠡᠮᠡᠭᠳᠡᠪᠡ᠃       1 ᠠᠴᠠ 9 ᠰᠠᠷ᠎ᠠ ᠪᠣᠯᠲᠠᠯ᠎ᠠ᠂ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 74094 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 1035 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 47385 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 13953 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 11.2% ᠢᠶᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠭᠰᠡᠨ ᠴᠠᠬᠢᠯᠭᠠᠨ ᠤ ᠬᠡᠮᠵᠢᠶ᠎ᠡ 11721 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 12.6% ᠪᠠᠷ ᠨᠡᠮᠡᠭᠳᠡᠪᠡ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号