ᠮᠠᠨ ᠤ ᠤᠷᠤᠨ ᠵᠢᠭᠠᠬᠤ ᠶᠢ ᠰᠤᠳᠤᠯᠬᠤ ᠶᠢ ᠬᠤᠯᠪᠤᠭᠠᠯᠠᠨ ᠳᠠᠭᠠᠭᠠᠴᠢᠯᠠᠬᠤ ᠰᠤᠷᠭᠠᠭᠤᠯᠢ ᠶᠢᠨ ᠠᠵᠢᠯ ᠳᠤ ᠪᠤᠳᠠᠳᠠᠢ ᠪᠠᠶᠢᠷᠢᠯᠠᠭᠤᠯᠤᠯᠳᠠ ᠬᠢᠪᠡ
ᠨᠡᠶᠢᠲᠡᠯᠡᠭᠰᠡᠨ ᠴᠠᠭ᠄
2024/10/28
     ᠪᠦᠬᠦ ᠤᠷᠤᠨ ᠤ ᠰᠤᠷᠭᠠᠨ ᠬᠦᠮᠦᠵᠢᠯ ᠤᠨ ᠵᠢᠭᠠᠬᠤ ᠶᠢ ᠰᠤᠳᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠵᠢᠭᠠᠬᠤ ᠶᠢ ᠰᠤᠳᠤᠯᠬᠤ ᠪᠠᠶᠢᠭᠤᠯᠤᠮᠵᠢ ᠶᠢᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠦᠯᠦᠬᠡ᠂ ᠲᠦᠷᠦᠬᠦᠬᠡᠨ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ ᠠᠴᠠ ᠪᠥᠬᠦ ᠣᠷᠣᠨ ᠤ ᠵᠢᠭᠠᠬᠤ ᠶᠢ ᠰᠤᠳᠤᠯᠬᠤ ᠶᠢ ᠬᠤᠯᠪᠤᠭᠠᠯᠠᠨ ᠳᠠᠭᠠᠭᠠᠴᠢᠯᠠᠬᠤ ᠰᠤᠷᠭᠠᠭᠤᠯᠢ ᠶᠢᠨ ᠠᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃      ᠬᠤᠷᠠᠯ ᠠᠴᠠ᠂ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠬᠢᠴᠢᠶᠡᠯ ᠤᠨ ᠤᠳᠤᠷᠢᠳᠬᠤ ᠬᠦᠴᠦᠨ ᠤ ᠪᠠᠶᠢᠭᠤᠯᠤᠯᠲᠠ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠶᠢ ᠰᠠᠶᠢᠵᠢᠷᠠᠭᠤᠯᠬᠤ᠂ ᠬᠢᠴᠢᠶᠡᠯ ᠲᠦᠷᠦᠯ ᠤᠨ ᠵᠢᠭᠠᠨ ᠰᠤᠷᠭᠠᠯᠲᠠ ᠶᠢᠨ ᠵᠠᠩᠭᠢᠯᠠᠭ᠎ᠠ ᠶᠢᠨ ᠠᠰᠠᠭᠤᠳᠠᠯ ᠢ ᠰᠶᠢᠳᠪᠦᠷᠢᠯᠡᠬᠦ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ︽ᠬᠤᠶᠠᠷ ᠢ ᠬᠦᠩᠬᠡᠷᠡᠬᠦᠯᠬᠦ︾ ᠰᠤᠳᠤᠯᠭᠠᠨ ᠵᠡᠷᠭᠡ ᠲᠠᠯ᠎ᠠ ᠪᠠᠷ ᠢᠯᠡᠳᠲᠡ ᠠᠬᠢᠭᠤᠯᠬᠤ ᠬᠡᠷᠡᠭᠲᠡᠢ᠃ ᠲᠣᠭᠠᠴᠢᠯᠠᠭᠰᠠᠨ ᠵᠢᠭᠠᠨ ᠰᠤᠷᠭᠠᠯᠲᠠ ᠶᠢᠨ ᠰᠤᠳᠤᠯᠭᠠᠨ ᠤ ᠳᠠᠪᠠᠭᠤᠯᠢᠭ ᠢ ᠴᠢᠨᠠᠭᠰᠢᠳᠠ ᠪᠠᠳᠠᠷᠠᠭᠤᠯᠵᠤ᠂ ᠮᠡᠳᠡᠭᠡ ᠵᠠᠩᠭᠢ ᠶᠢᠨ ᠮᠡᠷᠭᠡᠵᠢᠯ ᠪᠣᠯᠣᠨ ᠵᠢᠭᠠᠨ ᠰᠤᠷᠭᠠᠯᠲᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠥᠷᠭᠡᠨ ᠤᠯᠠᠨ ᠪᠠᠭᠰᠢ ᠰᠤᠷᠤᠭᠴᠢᠳ ᠲᠤ ᠦᠨᠡᠨᠬᠦ ᠠᠰᠢᠭ ᠬᠦᠷᠲᠡᠭᠡᠬᠦ ᠬᠡᠷᠡᠭᠲᠡᠢ᠃ ᠵᠢᠭᠠᠬᠤ ᠶᠢ ᠰᠤᠳᠤᠯᠬᠤ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠥᠪ ᠣᠨᠣᠪᠴᠢᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠦᠵᠡᠯᠲᠡ᠂ ᠦᠢᠯᠡᠴᠢᠯᠡᠭᠡᠨ ᠤ ᠦᠵᠡᠯᠲᠡ ᠶᠢ ᠪᠤᠢ ᠪᠣᠯᠭᠠᠵᠤ᠂ ᠲᠤᠬᠠᠢ ᠶᠢᠨ ᠭᠠᠵᠠᠷ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠳᠤ ᠰᠠᠶᠢᠲᠤᠷ ᠦᠢᠯᠡᠴᠢᠯᠡᠬᠦ ᠬᠡᠷᠡᠭᠲᠡᠢ᠃ ᠵᠢᠭᠠᠬᠤ ᠶᠢ ᠰᠤᠳᠤᠯᠬᠤ ᠶᠢ ᠬᠤᠯᠪᠤᠭᠠᠯᠠᠨ ᠳᠠᠭᠠᠭᠠᠴᠢᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠤᠷᠭᠠᠭᠤᠯᠢ ᠶᠢ ᠬᠠᠪᠰᠤᠷᠤᠨ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠶᠠᠪᠤᠴᠠ ᠳᠠᠬᠢ ᠬᠦᠨᠳᠦ ᠪᠡᠷᠬᠡ ᠠᠰᠠᠭᠤᠳᠠᠯ ᠢ ᠰᠢᠰᠲ᠋ᠧᠮᠵᠢᠭᠦᠯᠦᠨ ᠰᠶᠢᠳᠪᠦᠷᠢᠯᠡᠬᠦ ᠬᠡᠷᠡᠭᠲᠡᠢ ᠬᠡᠵᠦ ᠱᠠᠭᠠᠷᠳᠠᠪᠠ᠃      ᠬᠤᠷᠠᠯ ᠳᠡᠭᠡᠷ᠎ᠡ᠂ ᠡᠯ᠎ᠡ ᠠᠶᠢᠮᠠᠭ ᠬᠤᠲᠠ ᠪᠣᠯᠣᠨ ᠬᠡᠰᠡᠭ ᠬᠤᠰᠢᠭᠤ ᠰᠢᠶᠠᠨ ᠤ ᠵᠢᠭᠠᠬᠤ ᠶᠢ ᠰᠤᠳᠤᠯᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠢᠴᠢᠶᠡᠯ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ ᠪᠣᠯᠣᠨ ᠬᠤᠯᠪᠤᠭᠠᠯᠠᠨ ᠳᠠᠭᠠᠭᠠᠴᠢᠯᠠᠭᠰᠠᠨ ᠰᠤᠷᠭᠠᠭᠤᠯᠢ ᠶᠢᠨ ᠠᠵᠢᠯ ᠤᠨ ᠠᠬᠢᠴᠠ ᠶᠢ ᠬᠠᠷᠢᠭᠤ ᠮᠡᠳᠡᠭᠦᠯᠵᠦ ᠰᠣᠯᠢᠯᠴᠠᠪᠠ᠂ ᠬᠤᠷᠠᠯ ᠠᠴᠠ ᠳᠤᠭᠤᠶᠢᠯᠠᠩ ᠬᠤᠪᠢᠶᠠᠨ ᠣᠳᠣᠬᠠᠨ ᠤ ᠵᠢᠭᠠᠬᠤ ᠶᠢ ᠰᠤᠳᠤᠯᠬᠤ ᠠᠵᠢᠯ ᠤᠨ ᠲᠤᠷᠰᠢᠯᠭ᠎ᠠ ᠪᠣᠯᠣᠨ ᠬᠦᠷᠦᠯᠴᠡᠬᠦ ᠦᠭᠡᠢ ᠲᠠᠯ᠎ᠠ ᠶᠢ ᠰᠤᠳᠤᠯᠤᠨ ᠳ᠋ᠦᠩᠨᠡᠵᠦ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠪᠣᠯᠣᠨ ᠱᠠᠭᠠᠷᠳᠠᠯᠭ᠎ᠠ ᠶᠢ ᠲᠣᠳᠣᠷᠬᠠᠶᠢᠯᠠᠪᠠ᠃      ᠪᠥᠬᠦ ᠣᠷᠣᠨ ᠤ 12 ᠠᠶᠢᠮᠠᠭ ᠬᠤᠲᠠ᠂ 103 ᠬᠤᠰᠢᠭᠤ ᠰᠢᠶᠠᠨ ︵ᠬᠤᠲᠠ ᠲᠣᠭᠤᠷᠢᠭ︶ ᠤ ᠵᠢᠭᠠᠬᠤ ᠶᠢ ᠰᠤᠳᠤᠯᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号