ᠴᠤᠤᠯ ᠭᠤᠣᠯ ᠤᠨ ᠤᠰᠤ ᠶᠢ ᠯᠢᠶᠣᠤᠾᠧ ᠭᠤᠣᠯ ᠳᠤ ᠲᠠᠲᠠᠬᠤ ᠢᠨᠵᠧᠨᠧᠷᠢᠩ ᠳᠤ 211.13 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠪᠠ
ᠨᠡᠶᠢᠲᠡᠯᠡᠭᠰᠡᠨ ᠴᠠᠭ᠄
2024/10/29
     ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠳᠣᠬᠠᠨ ᠪᠤᠯᠳᠠᠯ᠎ᠠ ᠮᠠᠨ ᠤ ᠤᠷᠤᠨ ᠴᠤᠤᠯ ᠭᠤᠣᠯ ᠤᠨ ᠤᠰᠤ ᠶᠢ ᠯᠢᠶᠣᠤᠾᠧ ᠭᠤᠣᠯ ᠳᠤ ᠲᠠᠲᠠᠬᠤ ᠢᠨᠵᠧᠨᠧᠷᠢᠩ ᠳᠤ ᠨᠡᠶᠢᠲᠡ 211.13 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠢᠨᠵᠧᠨᠧᠷᠢᠩ ᠤᠨ ᠶᠡᠷᠦᠩᠬᠡᠶ ᠪᠡᠯᠡ ᠣᠷᠣᠭᠤᠯᠤᠯᠲᠠ ᠶᠢᠨ 83.73% ᠶᠢ ᠪᠡᠶᠡᠯᠡᠭᠦᠯᠪᠡ᠃     ᠣᠶᠢᠯᠠᠭᠠᠭᠰᠠᠨ ᠢᠶᠠᠷ᠂ 2024 ᠣᠨ ᠳᠤ ᠴᠤᠤᠯ ᠭᠤᠣᠯ ᠤᠨ ᠤᠰᠤ ᠶᠢ ᠯᠢᠶᠣᠤᠾᠧ ᠭᠤᠣᠯ ᠳᠤ ᠲᠠᠲᠠᠬᠤ ᠢᠨᠵᠧᠨᠧᠷᠢᠩ ᠳᠤ 23 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 9 ᠰᠠᠷ᠎ᠠ ᠶᠢᠨ ᠰᠡᠭᠦᠯᠴᠢ ᠪᠣᠯᠲᠠᠯ᠎ᠠ ᠨᠢᠭᠡᠨᠲᠡ 15.01 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃ ᠣᠳᠣᠬᠠᠨ ᠳᠤ ᠴᠤᠤᠯ ᠭᠤᠣᠯ ᠤᠨ ᠤᠰᠤ ᠶᠢ ᠯᠢᠶᠣᠤᠾᠧ ᠭᠤᠣᠯ ᠳᠤ ᠲᠠᠲᠠᠬᠤ ᠢᠨᠵᠧᠨᠧᠷᠢᠩ ᠤᠨ ᠥᠨᠳᠡᠭᠡᠨ ᠤᠰᠤᠨ ᠠᠰᠢᠭᠯᠠᠯᠲᠠ ᠶᠢᠨ ᠬᠦᠢᠰᠤ ᠶᠢᠨ ᠭᠤᠤᠯ ᠴᠣᠭᠴᠠ ᠶᠢᠨ ᠪᠠᠷᠢᠯᠭ᠎ᠠ ᠶᠢ ᠦᠨᠳᠦᠰᠦᠨ ᠳᠡᠭᠡᠨ ᠳᠠᠭᠤᠰᠬᠠᠵᠤ᠂ ᠤᠰᠤ ᠳᠠᠮᠵᠢᠭᠤᠯᠬᠤ ᠪᠠᠷᠢᠯᠭ᠎ᠠ ᠶᠢᠨ ᠨᠦᠬᠡᠨ ᠵᠠᠮ ᠤᠨ ᠬᠡᠰᠡᠭ ᠤᠨ ᠭᠤᠤᠯ ᠨᠦᠬᠡ ᠶᠢ 159.531 ᠺᠢᠯᠣᠮᠧᠲᠷ ᠵᠢᠭᠢᠷᠢᠭᠯᠡᠨ᠂ ᠨᠦᠬᠡᠨ ᠵᠠᠮ ᠤᠨ ᠪᠦᠬᠦ ᠪᠠᠷᠢᠯᠭ᠎ᠠ ᠶᠢᠨ 91.8% ᠶᠢ ᠪᠡᠶᠡᠯᠡᠭᠦᠯᠵᠦ᠂ ᠤᠰᠤ ᠳᠠᠮᠵᠢᠭᠤᠯᠬᠤ ᠪᠠᠷᠢᠯᠭ᠎ᠠ ᠶᠢᠨ ᠬᠤᠭᠤᠯᠠᠶ ᠶᠢᠨ ᠬᠡᠰᠡᠭ ᠤᠨ ᠭᠤᠤᠷᠰᠤ ᠶᠢ ᠪᠦᠬᠦᠨ ᠢ ᠤᠭᠰᠠᠷᠠᠵᠤ ᠲᠠᠭᠤᠰᠬᠠᠨ᠂ 357 ᠨᠡᠭᠡᠯᠡᠬᠡᠶ ᠬᠤᠳᠳᠤᠭ ᠪᠠᠶᠢᠭᠤᠯᠤᠨ ᠪᠥᠬᠦ ᠨᠡᠭᠡᠯᠡᠬᠡᠶ ᠬᠤᠳᠳᠤᠭ ᠤᠨ 96.5% ᠶᠢ ᠡᠵᠡᠯᠡᠵᠦ᠂ 63 ᠬᠡᠰᠡᠭ ᠤᠨ ᠤᠰᠤᠨ ᠤ ᠳᠠᠷᠤᠯᠲᠠ ᠶᠢᠨ ᠲᠤᠷᠰᠢᠯᠲᠠ ᠶᠢ ᠳᠠᠭᠤᠰᠬᠠᠨ ᠪᠥᠬᠦ ᠬᠡᠰᠡᠭ ᠤᠨ 90% ᠶᠢ ᠡᠵᠡᠯᠡᠪᠡ᠃ ᠤᠳᠤᠬᠠᠨ ᠪᠤᠯᠳᠠᠯ᠎ᠠ ᠥᠨᠳᠡᠭᠡᠨ ᠤᠰᠤᠨ ᠴᠠᠬᠢᠯᠭᠠᠨ ᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 8315 ᠲᠦᠮᠡᠨ ᠬᠢᠯᠦᠸᠠᠲ ᠴᠠᠭ ᠢ ᠳᠠᠪᠠᠨ᠂ ᠵᠢᠯ ᠤᠨ ᠳᠤᠮᠳᠠᠴᠢ ᠴᠠᠬᠢᠯᠭᠠᠨ ᠭᠠᠷᠭᠠᠬᠤ ᠬᠡᠮᠵᠢᠶ᠎ᠡ ᠨᠢ ᠨᠢᠬᠡᠨᠳᠡ ᠵᠢᠷᠤᠵᠤ ᠲᠥᠯᠥᠪᠯᠡᠭᠰᠡᠨ ᠬᠡᠮᠵᠢᠭᠳᠡᠯ ᠳᠤ ᠬᠦᠷᠴᠦ᠂ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠵᠤ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号