ᠪᠠᠳᠠᠷᠠᠬᠤ ᠪᠠᠯᠭᠠᠰᠤ ᠶᠢᠨ ᠪᠠᠳᠠᠷᠠᠬᠤ ᠭᠠᠴᠠᠭ᠎ᠠ ︽ᠲᠠᠪᠤᠨ ᠨᠢᠭᠡ︾ ᠤᠯᠠᠨ ᠲᠦᠮᠡᠨᠴᠢ ᠠᠵᠢᠯ ᠤᠨ ᠠᠷᠭ᠎ᠠ ᠪᠠᠷ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠠᠵᠢᠯ ᠢ ᠪᠠᠬᠢᠵᠢᠬᠦᠯᠵᠤ ᠪᠤᠢ
ᠨᠡᠶᠢᠲᠡᠯᠡᠭᠰᠡᠨ ᠴᠠᠭ᠄
2024/10/30
      ᠶᠡᠷᠦᠩᠭᠡᠢ ᠱᠦᠵᠢ ᠰᠢ ᠶᠢᠨ ᠫᠢᠩ ᠤᠨ ᠦᠨᠳᠦᠰᠦᠳᠡᠨ ᠤ ᠠᠵᠢᠯ ᠤᠨ ᠴᠢᠬᠤᠯᠠ ᠦᠬᠦᠯᠡᠯᠳᠡ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠠᠵᠢᠯ ᠢ ᠤᠯᠠᠮ ᠢᠶᠠᠷ ᠠᠬᠢᠭᠤᠯᠬᠤ ᠶᠢᠨ ᠲᠦᠯᠦᠭᠡ᠂ ᠤᠶᠢᠷ᠎ᠠ ᠳᠤ ᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠤ ᠶᠢᠨ ᠪᠠᠳᠠᠷᠠᠬᠤ ᠭᠠᠴᠠᠭ᠎ᠠ ︽ᠲᠠᠪᠤᠨ ᠨᠢᠭᠡ︾ ᠤᠯᠠᠨ ᠲᠦᠮᠡᠨᠴᠢ ᠠᠵᠢᠯ ᠤᠨ ᠠᠷᠭ᠎ᠠ ᠶᠢ ᠪᠤᠳᠠᠳᠠᠢ ᠭᠡᠷᠡᠭᠵᠢᠬᠦᠯᠦᠨ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠬᠡ ᠶᠢ ᠰᠤᠨᠤᠰᠴᠥ᠂ ᠨᠠᠮ ᠢᠶᠠᠨ ᠲᠠᠭᠠᠵᠤ ᠤᠷᠤᠬᠰᠢᠯᠠᠬᠤ︾ ᠤᠯᠠᠨ ᠲᠦᠮᠡᠨᠴᠢ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠰᠠᠶᠢᠳᠤᠷ ᠦᠷᠨᠢᠬᠦᠯᠵᠤ ᠪᠠᠶᠢᠨ᠎ᠠ     ᠶᠠᠷᠢᠶ᠎ᠠ ᠬᠡᠯᠡᠯᠴᠡᠭᠡ ᠶᠢᠨ ᠤᠯᠠᠨ ᠨᠡᠶᠢᠳᠡ ᠶᠢᠨ ᠲᠠᠪᠴᠠᠩ ᠢ ᠠᠰᠢᠬᠯᠠᠨ᠂ ᠭᠠᠴᠠᠭᠠᠨ ᠤ ᠤᠯᠠᠨ ᠲᠦᠮᠡᠨ ᠳᠤ ᠨᠠᠮ ᠤᠨ ᠲᠦᠷᠦ ᠶᠢᠨ ᠪᠤᠳᠤᠯᠭ᠎ᠠ ᠶᠢ ᠢᠳᠡᠪᠬᠢᠳᠡᠢ ᠤᠬᠠᠭᠤᠯᠤᠨ᠂ ᠲᠡᠳᠡᠨ ᠤ ᠨᠠᠮ ᠵᠠᠰᠠᠬ ᠤᠨ ᠬᠠᠶᠢᠷ᠎ᠠ ᠬᠠᠯᠠᠮᠵᠢ ᠳᠤ ᠲᠠᠯᠠᠷᠬᠠᠬᠤ᠂ ᠨᠠᠮ ᠵᠠᠰᠠᠬ ᠤᠨ ᠬᠠᠶᠢᠷ᠎ᠠ ᠬᠠᠯᠠᠮᠵᠢ ᠪᠠᠷ ᠪᠠᠶᠠᠵᠢᠨ ᠴᠢᠨᠡᠭᠡᠯᠢᠭᠵᠢᠬᠦ ᠤᠶᠤᠨ ᠰᠠᠨᠠᠭᠠᠨ ᠤ ᠬᠦᠷᠳᠡᠮᠵᠢ ᠶᠢ ᠨᠡᠮᠡᠭᠳᠡᠬᠦᠯᠵᠤ ᠪᠠᠶᠢᠨ᠎ᠠ᠃ ᠪᠠᠳᠠᠷᠠᠬᠤ ᠭᠠᠴᠠᠭ᠎ᠠ ᠶᠢᠨ ᠠᠬᠠᠮᠠᠳ ᠨᠠᠮ ᠤᠨ ᠬᠡᠰᠢᠬᠦᠨ ᠲᠡᠮᠦᠷ ᠤᠯᠠᠨ ᠲᠦᠮᠡᠨᠴᠢ ᠬᠦᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠦᠷᠨᠢᠬᠦᠯᠦᠭᠰᠡᠨ ᠲᠤᠬᠠᠢ᠄ ︽ᠦᠩᠭᠡᠷᠡᠭᠰᠡᠨ ᠲᠠᠢ ᠠᠳᠠᠯᠢᠳᠬᠠᠪᠠᠯ ᠪᠢᠳᠡ ᠡᠯᠳᠡᠪ ᠵᠦᠢᠯ ᠤᠨ ᠭᠠᠶᠢᠯᠢ ᠲᠤᠰᠢᠶᠠᠬᠤ ᠪᠠᠨ ᠪᠤᠯᠢᠬᠰᠠᠨ ᠪᠦᠭᠡᠳ ᠤᠯᠠᠨ ᠵᠦᠢᠯ ᠤᠨ ᠨᠦᠬᠦᠪᠦᠷᠢ ᠬᠦᠷᠳᠡᠵᠤ᠂ ᠠᠮᠢᠳᠤᠷᠠᠯ ᠡᠳᠦᠷ ᠠᠴᠠ ᠡᠳᠦᠷ ᠦᠭᠡᠳᠡᠯᠡᠵᠤ᠂ ᠪᠠᠶᠠᠵᠢᠨ ᠴᠢᠨᠡᠭᠡᠯᠢᠭᠵᠢᠵᠤ ᠪᠠᠶᠢᠨ᠎ᠠ︾ ᠭᠡᠵᠦ ᠬᠡᠯᠡᠵᠦ ᠪᠠᠶᠢᠯ᠎ᠠ᠃ ᠪᠠᠳᠠᠷᠠᠬᠤ ᠭᠠᠴᠠᠭ᠎ᠠ ᠬᠤᠶᠢᠰᠢᠳᠠ ︽ᠲᠠᠪᠤᠨ ᠨᠢᠭᠡ︾ ᠤᠯᠠᠨ ᠲᠦᠮᠡᠨᠴᠢ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠳᠡᠢ ᠪᠠᠷ ᠤᠯᠠᠮ ᠬᠦᠨᠵᠡᠭᠡᠢ ᠦᠷᠨᠢᠬᠦᠯᠵᠤ᠂ ᠤᠯᠠᠨ ᠲᠦᠮᠡᠨ ᠤ ᠪᠤᠳᠠᠳᠤ ᠠᠮᠢᠳᠤᠷᠠᠯ ᠲᠠᠢ ᠤᠶᠠᠯᠳᠤᠭᠤᠯᠤᠨ᠂ ᠨᠠᠮ ᠵᠠᠰᠠᠬ ᠤᠨ ᠲᠦᠷᠦ ᠶᠢᠨ ᠪᠤᠳᠤᠯᠭ᠎ᠠ ᠳᠤ ᠲᠦᠰᠢᠭᠯᠡᠵᠦ᠂ ᠠᠵᠢᠯ ᠠᠮᠢᠳᠤᠷᠠᠯ ᠢᠶᠠᠨ ᠵᠢᠯᠤᠭᠤᠳᠤᠭᠤᠯᠤᠨ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠳᠤ ᠤᠯᠤᠰ ᠲᠦᠷᠦ ᠶᠢᠨ ᠲᠠᠪᠴᠠᠩ ᠬᠠᠩᠭᠠᠬᠤ ᠪᠠᠷ ᠪᠤᠢ᠃ ︵ᠲᠠᠮᠢᠷ   ᠠᠷᠢᠭᠤᠨ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号