| ᠵᠠᠯᠠᠶᠢᠳ ᠬᠤᠰᠢᠭᠤᠨ ᠤ ᠨᠢᠬᠡᠳᠦᠭᠡᠷ ᠡᠮ ᠡᠮᠨᠡᠯᠭᠡ ᠶᠢᠨ ᠬᠠᠮᠳᠤ ᠶᠢᠨ ᠴᠤᠬᠴᠠ ᠶᠢᠨ ᠶᠡᠷᠦᠩᠭᠡᠢ | ᠡᠮᠨᠡᠯᠬᠡ ᠶᠢᠨ ᠬᠤᠷᠢᠶ᠎ᠠ ︽ᠢᠨᠲ᠋ᠧᠷ ᠰᠦᠯᠵᠢᠶ᠎ᠡ + ᠰᠤᠪᠢᠯᠠᠯᠳᠠ ᠶᠢᠨ ᠦᠢᠯᠡᠴᠢᠯᠡᠭᠡ︾ ᠶᠢᠨ ᠬᠡᠪ ᠵᠠᠬᠪᠤᠷ ᠢ | ᠬᠡᠷᠡᠭᠵᠢᠭᠦᠯᠦᠭᠰᠡᠨ ᠠᠴᠠ ᠨᠠᠭᠠᠰᠢ᠂ ᠢᠨᠲ᠋ᠧᠷ ᠰᠦᠯᠵᠢᠶ᠎ᠡ ᠶᠢᠨ ᠲᠡᠷᠢᠬᠦᠨ ᠤ ᠮᠡᠷᠬᠡᠵᠢᠯ ᠳᠤ ᠲᠦᠰᠢᠭᠯᠡᠨ᠂ ᠠᠯᠦᠰ | ᠡᠵᠡᠮᠰᠢᠯ ᠢᠶᠠᠷ ᠤᠷᠢᠳᠴᠢᠯᠠᠨ ᠪᠤᠯᠵᠤᠬᠤ ᠪᠠ ᠡᠬᠦᠳᠡᠨ ᠳᠤᠨᠢ ᠬᠦᠷᠬᠡᠬᠦ ᠠᠷᠭ᠎ᠠ ᠪᠠᠷ ᠰᠤᠪᠢᠯᠠᠯᠳᠠ ᠶᠢᠨ | ᠦᠢᠯᠡᠴᠢᠯᠡᠭᠡ ᠪᠠᠨ ᠰᠠᠶᠢᠵᠢᠷᠠᠭᠤᠯᠵᠦ᠂ ᠠᠷᠠᠳ ᠤᠯᠠᠨ ᠳᠤ ᠦᠨᠡᠨ ᠬᠦ ᠠᠰᠢᠭ ᠬᠦᠷᠳᠡᠭᠡᠵᠦ ᠪᠠᠶᠢᠨ᠎ᠠ᠃ ᠡᠨᠡᠬᠦ ᠬᠡᠪ | ᠵᠠᠬᠪᠦᠷ ᠨᠢ ᠡᠮᠨᠡᠯᠬᠡ ᠠᠴᠠ ᠭᠠᠷᠬᠤ ᠡᠪᠡᠳᠴᠢᠳᠡᠨ᠂ ᠠᠬᠠᠰᠢᠷᠠᠭ᠎ᠠ ᠨᠠᠰᠦᠳᠠᠨ᠂ ᠬᠦᠳᠡᠯᠵᠦ ᠪᠠᠷᠢᠬᠤ ᠳᠤ ᠲᠦᠬᠦᠮ | ᠦᠬᠡᠢ ᠬᠦᠮᠦᠰ ᠲᠤ ᠲᠦᠢᠯ ᠤᠨ ᠲᠦᠬᠦᠮ ᠦᠵᠡᠬᠦᠯᠵᠦ᠂ ᠡᠪᠡᠳᠴᠢᠳᠡᠳ ᠤᠨ ᠠᠮᠢᠳᠦᠷᠠᠯ ᠤᠨ ᠴᠢᠨᠠᠷ ᠴᠢᠨᠰᠠᠭ᠎ᠠ ᠪᠠ | ᠵᠤᠯ ᠵᠢᠷᠭᠠᠯ ᠤᠨ ᠵᠢᠭᠠᠯᠳᠠ ᠲᠤᠭ᠎ᠠ ᠶᠢ ᠶᠡᠬᠡᠪᠡᠷ ᠲᠡᠭᠡᠭᠰᠢᠯᠡᠬᠦᠯᠵᠡᠢ᠃ | ᠤᠶᠢᠯᠠᠭᠠᠬᠰᠠᠨ ᠢᠶᠠᠷ᠂ ︽ᠢᠨᠲ᠋ᠧᠷ ᠰᠦᠯᠵᠢᠶ᠎ᠡ + ᠰᠤᠪᠢᠯᠠᠯᠳᠠ ᠶᠢᠨ ᠦᠢᠯᠡᠴᠢᠯᠡᠭᠡ︾ ᠶᠢᠨ ᠬᠡᠪ ᠵᠠᠬᠪᠤᠷ ᠢ | ᠬᠡᠷᠡᠭᠵᠢᠭᠦᠯᠦᠭᠰᠡᠨ ᠠᠴᠠ ᠨᠠᠭᠠᠰᠢ᠂ ᠵᠠᠯᠠᠶᠢᠳ ᠬᠤᠰᠢᠭᠤᠨ ᠤ ᠨᠢᠬᠡᠳᠦᠭᠡᠷ ᠡᠮᠴᠢᠯᠡᠬᠡᠨ ᠤ ᠬᠠᠮᠳᠤ ᠶᠢᠨ ᠴᠤᠬᠴᠠ ᠶᠢᠨ | ᠶᠡᠷᠦᠩᠭᠡᠢ ᠡᠮᠨᠡᠯᠬᠡ ᠶᠢᠨ ᠬᠤᠷᠢᠶ᠎ᠠ ᠨᠢᠬᠡᠨᠳᠡ 49 ᠤᠳᠠᠭ᠎ᠠ ᠡᠪᠡᠳᠴᠢᠳᠡᠨ ᠤ ᠡᠬᠦᠳᠡᠨ ᠳᠤᠨᠢ ᠬᠦᠷᠴᠦ ᠡᠮᠴᠢᠯᠡᠬᠡᠨ ᠤ | ᠦᠢᠯᠡᠴᠢᠯᠡᠭᠡ ᠬᠠᠩᠭᠠᠵᠦ᠂ ᠤᠯᠠᠨ ᠲᠦᠮᠡᠨ ᠳᠤ ᠦᠨᠡᠨ ᠬᠦ ᠠᠰᠢᠭ ᠬᠦᠷᠳᠡᠭᠡᠪᠡ᠃ | ᠤᠳᠤ᠂ ᠵᠠᠯᠠᠶᠢᠳ ᠬᠤᠰᠢᠭᠤᠨ ᠤ ᠨᠢᠬᠡᠳᠦᠭᠡᠷ ᠡᠮ ᠡᠮᠨᠡᠯᠭᠡ ᠶᠢᠨ ᠬᠠᠮᠳᠤ ᠶᠢᠨ ᠴᠤᠬᠴᠠ ᠶᠢᠨ ᠶᠡᠷᠦᠩᠭᠡᠢ | ᠡᠮᠨᠡᠯᠬᠡ ᠶᠢᠨ ᠬᠤᠷᠢᠶ᠎ᠠ ᠶᠢᠨ ᠬᠡᠷᠡᠭᠵᠢᠭᠦᠯᠦᠭᠰᠡᠨ ︽ᠢᠨᠲ᠋ᠧᠷ ᠰᠦᠯᠵᠢᠶ᠎ᠡ + ᠰᠤᠪᠢᠯᠠᠯᠳᠠ ᠶᠢᠨ ᠦᠢᠯᠡᠴᠢᠯᠡᠭᠡ︾ ᠶᠢᠨ | ᠲᠦᠷᠦᠯ ᠵᠦᠢᠯ ᠨᠢ ᠨᠢᠯᠬ᠎ᠠ ᠬᠡᠤᠬᠡᠳ ᠤᠨ ᠰᠤᠨᠤᠰᠬᠤ ᠴᠢᠳᠠᠪᠦᠷᠢ ᠶᠢ ᠰᠢᠯᠭᠠᠨ ᠪᠠᠶᠢᠴᠠᠭᠠᠬᠤ᠂ ᠨᠢᠯᠬ᠎ᠠ ᠬᠡᠤᠬᠡᠳ ᠢ | ᠰᠤᠪᠢᠯᠠᠬᠤ᠂ ᠰᠢᠷᠬ᠎ᠠ ᠶᠢ ᠡᠮᠨᠡᠨ ᠵᠠᠰᠠᠬᠤ ᠵᠡᠷᠭᠡ ᠤᠯᠠᠨ ᠲᠠᠯ᠎ᠠ ᠶᠢ ᠬᠠᠮᠦᠷᠴᠦ᠂ ᠨᠡᠶᠢᠳᠡ 22 ᠲᠦᠷᠦᠯ ᠤᠨ | ᠰᠤᠪᠢᠯᠠᠯᠳᠠ ᠶᠢᠨ ᠦᠢᠯᠡᠴᠢᠯᠡᠭᠡ ᠬᠠᠩᠭᠠᠵᠦ᠂ ᠡᠪᠡᠳᠴᠢᠳᠡᠨ ᠤ ᠱᠠᠭᠠᠷᠳᠠᠯᠭ᠎ᠠ ᠶᠢ ᠦᠨᠳᠦᠰᠦᠨ ᠳᠡᠭᠡᠨ ᠬᠠᠨᠭ᠍ᠭᠠᠵᠠᠢ᠃ | ᠲᠠᠷᠠᠭᠠᠴᠢ ᠪᠠᠷ᠂ ᠵᠠᠯᠠᠶᠢᠳ ᠬᠤᠰᠢᠭᠤᠨ ᠤ ᠨᠢᠬᠡᠳᠦᠭᠡᠷ ᠡᠮ ᠡᠮᠨᠡᠯᠭᠡ ᠶᠢᠨ ᠬᠠᠮᠳᠤ ᠶᠢᠨ ᠴᠤᠬᠴᠠ ᠶᠢᠨ | ᠶᠡᠷᠦᠩᠭᠡᠢ ᠡᠮᠨᠡᠯᠬᠡ ᠶᠢᠨ ᠬᠤᠷᠢᠶ᠎ᠠ ᠰᠤᠪᠢᠯᠠᠯᠳᠠ ᠶᠢᠨ ᠦᠢᠯᠡᠴᠢᠯᠡᠬᠡᠨ ᠤ ᠲᠦᠷᠦᠯ ᠵᠦᠢᠯ ᠢᠶᠠᠨ ᠦᠷᠬᠦᠯᠵᠢᠯᠡᠨ | ᠰᠢᠯᠢᠳᠡᠭᠵᠢᠬᠦᠯᠵᠦ᠂ ᠦᠢᠯᠡᠴᠢᠯᠡᠬᠡᠨ ᠤ ᠬᠡᠪᠴᠢᠶ᠎ᠡ ᠪᠠᠨ ᠦᠷᠭᠡᠳᠬᠡᠨ᠂ ᠦᠢᠯᠡᠴᠢᠯᠡᠬᠡᠨ ᠤ ᠴᠢᠨᠠᠷ ᠴᠢᠨᠰᠠᠭ᠎ᠠ ᠪᠠᠨ | ᠲᠡᠭᠡᠭᠰᠢᠯᠡᠬᠦᠯᠬᠦ ᠪᠤᠯᠤᠨ᠎ᠠ᠃ ᠲᠡᠳᠡ ᠪᠠᠰᠠ ᠲᠡᠷᠢᠬᠦᠨ ᠤ ᠰᠤᠪᠢᠯᠠᠯᠳᠠ ᠶᠢᠨ ᠮᠡᠷᠬᠡᠵᠢᠯ ᠪᠠ ᠤᠨᠤᠯᠵᠢᠬᠤᠨ ᠢ | ᠤᠷᠤᠭᠤᠯᠵᠦ᠂ ᠬᠠᠮᠤᠭ ᠰᠠᠶᠢᠨ ᠲᠤᠰᠬᠠᠢ ᠮᠡᠷᠬᠡᠵᠢᠯ᠂ ᠬᠠᠮᠤᠭ ᠰᠢᠯᠢᠳᠡᠭ ᠰᠤᠪᠢᠯᠠᠯᠳᠠ ᠶᠢᠨ ᠦᠢᠯᠡᠴᠢᠯᠡᠭᠡ ᠶᠢ | ᠤᠯᠠᠨ ᠲᠦᠮᠡᠨ ᠳᠤ ᠬᠦᠷᠳᠡᠭᠡᠬᠦ ᠪᠤᠯᠤᠨ᠎ᠠ᠃ |