ᠬᠤᠰᠢᠭᠤᠨ ᠲᠡᠰ ᠤᠨ ᠡᠮᠴᠢᠯᠡᠬᠡᠨ ᠤ ᠬᠠᠮᠳᠤ ᠶᠢᠨ ᠴᠤᠬᠴᠠ ᠶᠢ ᠪᠠᠶᠢᠭᠤᠯᠵᠦ ᠤᠯᠠᠨ ᠲᠦᠮᠡᠨ ᠳᠤ ᠰᠠᠶᠢᠳᠦᠷ ᠦᠢᠯᠡᠴᠢᠯᠡᠵᠦ ᠪᠠᠶᠢᠭ᠎ᠠ ᠵᠠᠯᠠᠶᠢᠳ ᠬᠤᠰᠢᠭᠤ
ᠨᠡᠶᠢᠲᠡᠯᠡᠭᠰᠡᠨ ᠴᠠᠭ᠄
2024/10/30
    ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠵᠠᠯᠠᠶᠢᠳ ᠬᠤᠰᠢᠭᠤ ᠡᠮᠴᠢᠯᠡᠬᠡᠨ ᠤ ᠡᠷᠡᠬᠦᠯ ᠬᠠᠮᠠᠭᠠᠯᠠᠯ ᠤᠨ ᠰᠢᠯᠢᠳᠡᠭ ᠦᠨᠳᠦᠷ ᠪᠦᠳᠦᠮᠵᠢᠳᠡᠢ ᠦᠢᠯᠡᠴᠢᠯᠡᠬᠡᠨ ᠤ ᠰᠢᠰᠲ᠋ᠧᠮ ᠢ ᠢᠳᠡᠪᠬᠢᠳᠡᠢ ᠪᠠᠶᠢᠭᠤᠯᠵᠦ᠂ ᠬᠤᠰᠢᠭᠤᠨ ᠲᠡᠰ ᠤᠨ ᠡᠮᠴᠢᠯᠡᠬᠡᠨ ᠤ ᠬᠠᠮᠳᠤ ᠶᠢᠨ ᠴᠤᠬᠴᠠ ᠶᠢ ᠪᠠᠶᠢᠭᠤᠯᠤᠨ᠂ ᠪᠦᠬᠦ ᠬᠤᠰᠢᠭᠤᠨ ᠤ ᠡᠮᠴᠢᠯᠡᠬᠡᠨ ᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠬᠢ ᠶᠢ ᠲᠡᠭᠡᠭᠰᠢᠯᠡᠬᠦᠯᠦᠨ᠂ ᠡᠮᠴᠢᠯᠡᠬᠡᠨ ᠤ ᠰᠢᠯᠢᠳᠡᠭ ᠡᠬᠢ ᠪᠠᠶᠠᠯᠢᠭ ᠢ ᠦᠨᠳᠦᠰᠦᠨ ᠱᠠᠳᠦᠨ ᠳᠤ ᠬᠦᠷᠭᠡᠵᠤ᠂ ᠤᠯᠠᠨ ᠲᠦᠮᠡᠨ ᠤ ᠡᠬᠦᠳᠡᠨ ᠡᠮᠦᠨ᠎ᠡ ᠪᠠᠨ ᠡᠮᠴᠢᠯᠡᠬᠡᠨ ᠤ ᠰᠢᠯᠢᠳᠡᠭ ᠦᠢᠯᠡᠴᠢᠯᠡᠭᠡ ᠬᠦᠷᠳᠡᠬᠦ ᠬᠦᠰᠡᠯ ᠢ ᠪᠡᠶᠡᠯᠡᠬᠦᠯᠵᠡᠢ᠃     ᠵᠸᠤ ᠮᠢᠩ ᠪᠤᠯ ᠪᠠᠶᠠᠠᠭᠤᠤᠯ ᠪᠠᠯᠭᠠᠰᠦᠨ ᠤ ᠡᠾᠧ ᠫᠢᠩ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠤᠨ ᠡᠮᠴᠢ ᠪᠤᠯᠤᠨ᠎ᠠ᠃ 2023 ᠤᠨ ᠳᠤ ᠬᠤᠰᠢᠭᠤᠨ ᠲᠡᠰ ᠤᠨ ᠡᠮᠴᠢᠯᠡᠬᠡᠨ ᠤ ᠬᠠᠮᠳᠤ ᠶᠢᠨ ᠴᠤᠬᠴᠠ ᠶᠢ ᠪᠠᠶᠢᠭᠤᠯᠤᠬᠰᠠᠨ ᠠᠴᠠ ᠨᠠᠭᠠᠰᠢ᠂ ᠵᠸᠤ ᠮᠢᠩ ᠠᠷᠠᠳ ᠤᠯᠠᠨ ᠳᠤ ᠦᠢᠯᠡᠴᠢᠯᠡᠬᠦ ᠠᠷᠭ᠎ᠠ ᠪᠠᠨ ᠦᠭᠡᠷᠡᠴᠢᠯᠡᠵᠠᠢ᠃ ᠵᠸᠤ ᠮᠢᠩ ᠡᠷᠡᠬᠦᠯ ᠬᠠᠮᠠᠭᠠᠯᠠᠯ ᠤᠨ ᠬᠤᠷᠢᠶ᠎ᠠ ᠲᠠᠢ ᠪᠠᠨ ᠬᠦᠳᠡᠯᠮᠦᠷᠢ ᠶᠢᠨ ᠵᠦᠪᠯᠡᠯᠴᠡᠭᠡᠷ ᠲᠤᠬᠳᠠᠵᠦ᠂ ᠠᠵᠢᠯᠯᠠᠬᠤ ᠭᠠᠵᠠᠷ ᠲᠠᠭᠠᠨ ᠰᠠᠭᠤᠵᠦ ᠡᠮᠴᠢᠯᠡᠵᠦ ᠪᠠᠶᠢᠬᠰᠠᠨ ᠠᠴᠠ ᠪᠠᠨ ᠤᠯᠠᠨ ᠲᠦᠮᠡᠨ ᠤ ᠡᠬᠦᠳᠡᠨ ᠳᠤᠨᠢ ᠬᠦᠷᠴᠦ ᠡᠮᠴᠢᠯᠡᠬᠦ ᠪᠤᠯᠵᠠᠢ᠃ ᠵᠸᠤ ᠮᠢᠩ ᠡᠷᠦᠬᠡ ᠪᠠᠷ ᠤᠴᠢᠬᠰᠠᠭᠠᠷ ᠡᠪᠡᠳᠴᠢᠳᠡᠨ ᠤ ᠴᠢᠰᠦᠨ ᠲᠠᠷᠦᠯᠳᠠ ᠪᠠ ᠴᠢᠰᠦᠨ ᠰᠢᠬᠢᠷ ᠢ ᠬᠡᠮᠵᠢᠵᠦ᠂ ᠦᠷ᠎ᠠ ᠳ᠋ᠦᠩ ᠢ ᠨᠢ ᠬᠡᠷ ᠪᠦᠯᠢ ᠶᠢᠨ ᠡᠮᠴᠢ ᠶᠢᠨ ᠡᠷᠡᠬᠦᠯ ᠮᠡᠨᠳᠤ ᠶᠢᠨ ᠬᠠᠮᠢᠶᠠᠷᠦᠯᠳᠠ ᠶᠢᠨ ᠤᠶᠤᠨᠳᠤ ᠲᠡᠪᠴᠡᠩ ᠳᠤ ᠶᠠᠪᠤᠭᠤᠯᠵᠦ᠂ ᠴᠢᠰᠦᠨ ᠲᠠᠷᠦᠯᠳᠠ ᠪᠠ ᠴᠢᠰᠦᠨ ᠰᠢᠬᠢᠷ ᠢᠶᠠᠨ ᠡᠵᠡᠮᠳᠡᠵᠦ ᠲᠡᠶᠢᠯᠬᠦ ᠦᠬᠡᠢ ᠡᠪᠡᠳᠴᠢᠳᠡᠡ ᠤ ᠪᠠᠶᠢᠳᠡᠯ ᠢ ᠡᠮᠴᠢᠯᠡᠬᠡᠨ ᠤ ᠬᠠᠮᠳᠤ ᠶᠢᠨ ᠴᠤᠬᠴᠠ ᠶᠢᠨ ᠬᠤᠪᠢᠶᠠᠷᠢ ᠡᠮᠨᠡᠯᠬᠡ ᠶᠢᠨ ᠬᠤᠷᠢᠶ᠎ᠠ ᠪᠠ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠪᠦᠬᠦ ᠰᠠᠯᠠᠭᠠᠨ ᠤ ᠡᠮᠴᠢ ᠪᠠ ᠲᠤᠰᠬᠠᠢ ᠰᠠᠯᠠᠭ᠎ᠠ ᠶᠢᠨ ᠡᠮᠴᠢ ᠪᠠᠷ ᠤᠨᠤᠰᠢᠯᠠᠭᠤᠯᠳᠠᠭ᠃     ᠵᠠᠯᠠᠶᠢᠳ ᠬᠤᠰᠢᠭᠤᠨ ᠤ ᠪᠠᠶᠠᠠᠭᠤᠤᠯ ᠪᠠᠯᠭᠠᠰᠦ ᠶᠢᠨ ᠡᠾᠧ ᠫᠢᠩ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠤᠨ ᠡᠮᠴᠢ ᠵᠸᠤ ᠮᠢᠩ᠄ ︽ᠪᠢᠳᠡ ᠶᠡᠷᠦᠩᠭᠡᠢ ᠡᠮᠨᠡᠯᠬᠡ ᠶᠢᠨ ᠬᠤᠷᠢᠶ᠎ᠠ ᠪᠠ ᠬᠤᠪᠢᠶᠠᠷᠢ ᠡᠮᠨᠡᠯᠬᠡ ᠶᠢᠨ ᠬᠤᠷᠢᠶ᠎ᠠ ᠬᠤᠭᠤᠷᠤᠨᠳᠤ ᠪᠠᠨ ᠰᠢᠯᠵᠢᠬᠦᠯᠦᠨ ᠤᠨᠤᠰᠢᠯᠠᠬᠤ ᠲᠤᠬᠳᠠᠴᠠ ᠶᠢ ᠪᠠᠶᠢᠭᠤᠯᠵᠦ᠂ ᠪᠠᠭ᠎ᠠ ᠡᠪᠡᠳᠴᠢᠨ ᠢ ᠲᠤᠰᠬᠤᠨ ᠳᠠᠭᠠᠨ ᠵᠠᠰᠠᠵᠦ᠂ ᠤᠯᠠᠨ ᠲᠦᠮᠡᠨ ᠳᠤ ᠲᠤᠩ ᠲᠦᠬᠦᠮ ᠦᠵᠡᠬᠦᠯᠵᠡᠢ︾ ᠬᠡᠵᠦ ᠶᠠᠷᠢᠵᠦ ᠪᠠᠶᠢᠯ᠎ᠠ᠃     ᠡᠮᠴᠢᠯᠡᠬᠡᠨ ᠤ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠡᠮᠴᠢᠯᠡᠬᠡᠨ ᠤ ᠬᠠᠮᠳᠤ ᠶᠢᠨ ᠴᠤᠬᠴᠠ ᠶᠢ ᠪᠠᠶᠢᠭᠤᠯᠤᠬᠰᠠᠨ ᠨᠢ ᠦᠨᠳᠦᠰᠦᠨ ᠱᠠᠳᠦᠨ ᠤ ᠡᠮᠴᠢᠯᠡᠭᠡᠨ ᠤ ᠦᠢᠯᠡᠴᠢᠯᠡᠬᠡᠨ ᠤ ᠴᠢᠳᠠᠪᠦᠷᠢ ᠶᠢ ᠲᠡᠭᠡᠭᠰᠢᠯᠡᠬᠦᠯᠦᠭᠰᠡᠨ ᠢᠶᠠᠷ ᠪᠠᠷᠠᠬᠤ ᠦᠬᠡᠢ ᠰᠢᠯᠢᠳᠡᠭ ᠰᠠᠶᠢᠨ ᠡᠮᠴᠢᠯᠡᠭᠡ ᠶᠢ ᠪᠠᠯᠭᠠᠰᠦ ᠲᠤᠰᠬᠤᠨ ᠳᠤ ᠬᠦᠷᠭᠡᠵᠠᠢ᠃ ᠶᠡᠷᠦᠩᠬᠡᠢ ᠡᠮᠨᠡᠯᠬᠡ ᠶᠢᠨ ᠬᠤᠷᠢᠶ᠎ᠠ ᠶᠢᠨ ᠵᠢᠷᠤᠭ ᠲᠦᠷᠰᠦ ᠪᠠᠷ ᠤᠨᠤᠰᠢᠯᠠᠬᠤ ᠲᠦᠪ ᠨᠢ ︽ᠦᠨᠳᠦᠰᠦᠨ ᠱᠠᠳᠦᠨ ᠳᠤ ᠪᠠᠶᠢᠴᠠᠭᠠᠨ ᠲᠡᠭᠡᠷ᠎ᠡ ᠱᠠᠳᠦᠨ ᠤ ᠡᠮᠨᠡᠯᠬᠡ ᠶᠢᠨ ᠬᠤᠷᠢᠶ᠎ᠠ ᠤᠨᠤᠰᠢᠯᠠᠬᠤ︾ ᠮᠡᠷᠬᠡᠵᠢᠯ ᠤᠨ ᠲᠤᠯᠭᠠᠭᠤᠷᠢᠯᠠᠯ ᠪᠠ ᠡᠬᠢ ᠪᠠᠶᠠᠯᠢᠭ ᠢ ᠬᠠᠮᠳᠤᠪᠡᠷ ᠡᠳ᠋ᠯᠡᠬᠦ ᠶᠢ ᠪᠡᠶᠡᠯᠡᠬᠦᠯᠵᠦ᠂ ᠤᠯᠠᠨ ᠲᠦᠮᠡᠨ ᠳᠤ  ᠦᠨᠡᠨ ᠬᠦ ᠠᠰᠢᠭ ᠬᠦᠷᠳᠡᠬᠡᠵᠦ᠂ ᠡᠮᠴᠢᠯᠡᠬᠡᠨ ᠤ ᠰᠢᠯᠢᠳᠡᠭ ᠡᠬᠢ ᠪᠠᠶᠠᠯᠢᠭ ᠢ ᠦᠨᠳᠦᠰᠦᠨ ᠱᠠᠳᠤᠨ ᠳᠤ ᠦᠨᠡᠨ ᠬᠦ ᠬᠦᠷᠬᠡᠵᠠᠢ᠃      ᠵᠠᠯᠠᠶᠢᠳ ᠬᠤᠰᠢᠭᠤᠨ ᠤ ᠮᠤᠩᠭᠤᠯ ᠡᠮᠨᠡᠯᠬᠡ ᠶᠢᠨ ᠶᠡᠷᠦᠩᠭᠡᠶᠢᠯᠡᠭᠰᠡᠨ ᠡᠮᠨᠡᠯᠬᠡ ᠶᠢᠨ ᠬᠤᠷᠢᠶ᠎ᠠ ᠶᠢ ᠬᠠᠪᠰᠦᠷᠦᠨ ᠲᠡᠳᠬᠦᠵᠦ ᠪᠠᠶᠢᠭ᠎ᠠ ᠪᠡᠬᠡᠵᠢᠩ ᠬᠤᠳᠠ ᠶᠢᠨ ᠬᠢᠳᠡᠳ ᠡᠮ ᠡᠮᠨᠡᠯᠬᠡ ᠶᠢᠨ ᠶᠡᠭᠡ ᠰᠤᠷᠭᠠᠭᠤᠯᠢ ᠶᠢᠨ ᠭᠤᠷᠪᠠᠳᠤᠭᠠᠷ ᠬᠠᠷᠢᠶᠠᠳᠤ ᠡᠮᠨᠡᠯᠬᠡ ᠶᠢᠨ ᠬᠤᠷᠢᠶ᠎ᠠ ᠶᠢᠨ ᠨᠢᠳᠦᠨ ᠡᠪᠡᠳᠴᠢᠨ ᠤ ᠰᠠᠯᠠᠭ᠎ᠠ ᠶᠢᠨ ᠲᠡᠳ᠋ ᠡᠷᠬᠢᠯᠡᠭᠴᠢ ᠱᠠᠩ ᠱᠠᠨ ᠱᠠᠨ᠄ ︽ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠶᠠᠳᠤᠭᠠᠷ ᠬᠤᠷᠢᠶ᠎ᠠ ᠪᠤᠯᠤᠬᠰᠠᠨ ᠲᠤᠰ ᠡᠮᠨᠡᠯᠬᠡ ᠶᠢᠨ ᠬᠤᠷᠢᠶ᠎ᠠ ᠲᠤᠰᠬᠠᠢ ᠮᠡᠷᠬᠡᠵᠢᠯᠳᠡᠳ ᠢᠶᠠᠨ ᠳᠤᠮᠢᠯᠠᠵᠤ ᠬᠠᠷᠢᠶᠠᠳᠤ ᠤᠷᠤᠨ ᠤ ᠪᠠᠨ ᠬᠤᠪᠢᠶᠠᠷᠢ ᠬᠤᠷᠢᠶ᠎ᠠ ᠪᠠᠷ ᠡᠮᠴᠢᠯᠡᠬᠦᠯᠵᠦ ᠦᠨᠳᠦᠰᠦᠨ ᠱᠠᠳᠦᠨ ᠤ ᠡᠮᠴᠢ ᠵᠢᠴᠢ ᠡᠪᠡᠳᠴᠢᠳᠡᠨ    ᠳᠤ ᠡᠮ ᠬᠡᠷᠡᠭᠯᠡᠬᠦ ᠵᠢᠯᠤᠭᠤᠳᠤᠯᠭ᠎ᠠ ᠬᠠᠩᠭᠠᠵᠦ ᠪᠠᠶᠢᠬᠤ ᠪᠠᠷ ᠪᠠᠷᠠᠬᠤ ᠦᠭᠡᠢ ᠡᠷᠡᠬᠦᠯ ᠮᠡᠨᠳᠤ ᠶᠢᠨ ᠤᠬᠠᠭᠤᠯᠭ᠎ᠠ ᠬᠢᠬᠦ᠂ ᠰᠠᠭᠤᠳᠠᠯ ᠤᠨ ᠬᠤᠷᠠᠯ ᠬᠢᠬᠦ ᠵᠢᠴᠢ ᠪᠤᠯᠪᠠᠰᠦᠷᠠᠯ ᠬᠦᠷᠳᠡᠭᠡᠬᠦ ᠵᠡᠷᠭᠡ ᠠᠵᠢᠯᠯᠠᠭ᠎ᠠ ᠦᠷᠨᠢᠬᠦᠯᠵᠦ᠂ ᠦᠨᠳᠦᠰᠦᠨ ᠱᠠᠳᠦᠨ ᠤ ᠡᠮᠨᠡᠯᠬᠡ ᠶᠢᠨ ᠬᠤᠷᠢᠶ᠎ᠠ ᠶᠢᠨ ᠡᠮᠴᠢᠯᠡᠬᠡᠨ ᠤ ᠬᠢᠷᠢ ᠲᠦᠪᠰᠢᠨ ᠢ ᠲᠡᠭᠡᠭᠰᠢᠯᠡᠬᠦᠯᠵᠦ ᠪᠤᠢ︾ ᠬᠡᠵᠦ ᠰᠤᠷᠪᠤᠯᠵᠢᠯᠠᠬᠴᠢ ᠳᠤ ᠶᠠᠷᠢᠵᠦ ᠪᠠᠶᠢᠯ᠎ᠠ᠃      ᠵᠠᠯᠠᠶᠢᠳ ᠬᠤᠰᠢᠭᠤ ᠡᠮᠴᠢᠯᠡᠬᠡᠨ ᠤ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ ᠡᠮᠴᠢᠯᠡᠬᠡᠨ ᠤ ᠬᠠᠮᠳᠤ ᠶᠢᠨ ᠴᠤᠬᠴᠠ ᠶᠢ ᠪᠠᠶᠢᠭᠤᠯᠵᠦ᠂ ᠦᠨᠳᠦᠰᠦᠨ ᠱᠠᠳᠦᠨ ᠤ ᠡᠮᠴᠢᠯᠡᠬᠡᠨ ᠤ ᠬᠢᠷᠢ ᠲᠦᠪᠰᠢᠨ ᠢ ᠲᠡᠭᠡᠭᠰᠢᠯᠡᠭᠦᠯᠵᠦ᠂ ᠦᠨᠳᠦᠰᠦᠨ ᠱᠠᠳᠤᠨ ᠤ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠰ ᠤᠨ ᠬᠦᠭᠵᠢᠯᠳᠡ ᠶᠢ ᠠᠬᠢᠭᠤᠯᠵᠦ᠂ ᠲᠤᠬᠳᠠᠴᠠ ᠶᠢᠨ ᠪᠠᠶᠢᠭᠤᠯᠤᠯᠳᠠ ᠪᠠ ᠡᠮᠴᠢᠯᠡᠭᠡᠨ ᠤ ᠦᠢᠯᠡᠴᠢᠯᠡᠭᠡ ᠵᠡᠷᠭᠡ ᠲᠠᠯ᠎ᠠ ᠪᠠᠷ ᠰᠢᠨ᠎ᠠ ᠶᠢ ᠡᠭᠦᠳᠴᠦ᠂ ︽ᠬᠡᠷ ᠪᠦᠯᠢ ᠶᠢᠨ ᠡᠮᠴᠢ ᠶᠢᠨ ᠪᠦᠯᠬᠦᠮ ᠦᠢᠯᠡᠴᠢᠯᠡᠬᠰᠡᠨ᠂ ᠭᠤᠷᠪᠠᠨ ᠱᠠᠳᠦᠨ ᠤ ᠡᠮᠴᠢ ᠬᠠᠮᠵᠢᠯᠴᠠᠬᠰᠠᠨ᠂ ᠪᠡᠬᠡᠵᠢᠩ ᠤᠨ ᠨᠢᠬᠡ ᠪᠦᠯᠦᠭ ᠡᠮᠴᠢ ᠬᠠᠪᠰᠤᠷᠤᠬᠰᠠᠨ︾ ︽1+3+1︾ ᠦᠢᠯᠡᠴᠢᠯᠡᠬᠡᠨ ᠤ ᠵᠠᠬᠪᠦᠷ ᠢ ᠪᠦᠷᠢᠯᠳᠦᠭᠦᠯᠵᠦ᠂ ᠪᠤᠰᠤᠳ ᠡᠮᠨᠡᠯᠬᠡ ᠳᠤ ᠰᠢᠯᠵᠢᠬᠦᠯᠬᠦ᠂ ᠠᠯᠦᠰ ᠡᠵᠡᠮᠰᠢᠯ ᠢᠶᠠᠷ ᠤᠨᠤᠰᠢᠯᠠᠬᠤ᠂ ᠠᠷᠬᠠᠭ ᠡᠪᠡᠳᠴᠢᠨ ᠢ ᠬᠠᠮᠢᠶᠠᠷᠬᠤ ᠵᠡᠷᠭᠡ ᠤᠯᠠᠨ ᠡᠰᠢᠵᠢᠭᠰᠡᠨ ᠡᠷᠡᠬᠦᠯ ᠮᠡᠨᠳᠤ ᠶᠢᠨ ᠦᠢᠯᠡᠴᠢᠯᠡᠭᠡ ᠪᠠᠷ ᠤᠯᠠᠨ ᠲᠦᠮᠡᠨ ᠤ ᠱᠠᠭᠠᠷᠳᠠᠯᠭ᠎ᠠ ᠶᠢ ᠬᠠᠨᠭ᠍ᠭᠠᠵᠦ ᠪᠤᠢ᠃      ᠤᠳᠤ ᠪᠤᠯᠳᠠᠯ᠎ᠠ᠂ ᠵᠠᠯᠠᠶᠢᠳ ᠬᠤᠰᠢᠭᠤ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢ 2᠂ ᠬᠤᠪᠢᠶᠠᠷᠢ ᠡᠮᠨᠡᠯᠬᠡ ᠶᠢᠨ ᠬᠤᠷᠢᠶ᠎ᠠ ᠶᠢ 25 ᠲᠤᠰ ᠲᠤᠰ ᠪᠠᠶᠢᠭᠤᠯᠪᠠ᠃ ᠲᠤᠰ ᠬᠤᠰᠢᠭᠤ ᠪᠠᠰᠠ ᠬᠡᠷ ᠪᠦᠯᠢ ᠶᠢᠨ ᠡᠮᠴᠢ ᠶᠢᠨ ᠪᠦᠯᠬᠦᠮ ᠢ 218 ᠪᠠᠶᠢᠭᠤᠯᠵᠦ᠂ 176 ᠲᠦᠮᠡᠨ ᠲᠦᠬᠦᠷᠢᠭ ᠪᠡᠯᠡ ᠤᠷᠤᠭᠤᠯᠵᠦ᠂ ︽ᠬᠡᠷ ᠪᠦᠯᠢ ᠶᠢᠨ ᠡᠮᠴᠢ ᠠᠷᠬᠠᠭ ᠡᠪᠡᠳᠴᠢᠨ ᠢ ᠬᠠᠮᠢᠶᠠᠷᠬᠤ ᠤᠶᠤᠨᠳᠤ ᠲᠡᠪᠴᠡᠩ︾ ᠪᠠᠶᠢᠭᠤᠯᠤᠨ᠂ ︽ᠬᠡᠷ ᠪᠦᠯᠢ ᠶᠢᠨ ᠡᠮᠴᠢ ᠡᠪᠡᠳᠴᠢᠳᠡᠨ ᠤ ᠡᠪᠡᠳᠴᠢᠨ ᠢ ᠤᠨᠤᠰᠢᠯᠠᠬᠤ ᠳᠤ ᠵᠠᠷᠤᠬᠤ ᠪᠤᠬᠴᠤ᠂ ᠡᠪᠡᠳᠴᠢᠳᠡᠨ ᠤ ᠴᠢᠰᠦᠨ ᠲᠠᠷᠦᠯᠳᠠ ᠪᠠ ᠴᠢᠰᠦᠨ ᠰᠢᠬᠢᠷ ᠢ ᠬᠡᠮᠵᠢᠭᠰᠡᠨ ᠦᠷ᠎ᠠ ᠳ᠋ᠦᠩ ᠢ ᠰᠦᠯᠵᠢᠶᠡᠨ ᠳᠤ ᠭᠠᠷᠭᠠᠬᠤ ᠮᠠᠰᠢᠨ︾ ᠵᠡᠷᠭᠡ ᠲᠤᠨᠤᠭ ᠲᠦᠬᠦᠬᠡᠷᠦᠮᠵᠢ ᠶᠢ 279 ᠲᠤᠬᠢᠷᠠᠭᠤᠯᠵᠦ᠂ 260 ᠬᠦᠮᠦᠨ ︵ᠤᠳᠠᠭ᠎ᠠ︶ ᠳᠤ ᠪᠤᠯᠪᠠᠰᠦᠷᠠᠯ ᠬᠦᠷᠳᠡᠬᠡᠨ᠂ ᠦᠨᠳᠦᠰᠦᠨ ᠱᠠᠳᠦᠨ ᠤ ᠡᠮᠴᠢᠯᠡᠬᠡᠨ ᠤ ᠦᠢᠯᠡᠴᠢᠯᠡᠬᠡᠨ ᠤ ᠴᠢᠳᠠᠪᠬᠢ ᠶᠢ ᠲᠡᠭᠡᠭᠰᠢᠯᠡᠬᠦᠯᠵᠦ ᠪᠤᠢ᠃ ︵ᠸᠧᠢ ᠸᠧᠢ   ᠵᠸᠤ ᠶᠠᠨ ᠢᠤᠢ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号