ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠰᠤᠷᠭᠠᠭᠤᠯᠢ ᠶᠢᠨ ᠬᠦᠷᠢᠶᠡᠨ ᠳᠤ ᠤᠷᠤᠪᠠ
ᠨᠡᠶᠢᠲᠡᠯᠡᠭᠰᠡᠨ ᠴᠠᠭ᠄
2024/10/30
      ᠡᠨᠡ ᠵᠢᠯ ᠤᠨ 9 ᠰᠠᠷ᠎ᠠ ᠠᠴᠠ 10 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠰᠤᠷᠭᠠᠭᠤᠯᠢ ᠶᠢᠨ ᠬᠦᠷᠢᠶᠡᠨ ᠳᠤ ᠦᠷᠭᠦᠯᠵᠢᠯᠡᠨ ᠭᠦᠨᠵᠡᠭᠡᠶᠢᠷᠡᠵᠤ᠂ ᠮᠥᠰᠥ ᠴᠠᠰᠤᠨ ᠤ ᠬᠢᠴᠢᠶᠡᠯ᠂ ᠰᠤᠷᠭᠠᠭᠤᠯᠢ ᠶᠢᠨ ᠬᠦᠷᠢᠶᠡᠨ ᠤ ᠮᠥᠰᠥᠨ ᠳᠡᠪᠦᠷ᠎ᠡ ᠶᠢᠨ ᠺᠯᠦ᠋ᠪ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠮᠡᠳᠡᠯᠭᠡ ᠶᠢ ᠲᠦᠭᠡᠮᠡᠯᠵᠢᠭᠦᠯᠬᠦ ᠪᠠᠷ ᠳᠠᠮᠵᠢᠨ᠂ ᠬᠡᠦᠬᠡᠳ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠳᠤᠷ᠎ᠠ ᠰᠣᠨᠢᠷᠬᠠᠯ ᠢ ᠬᠥᠭᠵᠢᠭᠡᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠵᠠᠯᠠᠭᠤᠴᠤᠳ ᠪᠠᠭᠠᠴᠤᠳ ᠤᠨ ᠳᠤᠮᠳᠠ ᠲᠦᠭᠡᠮᠡᠯᠵᠢᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠪᠠ᠃      ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠬᠥᠭᠵᠢᠭᠦᠯᠦᠨ ᠳᠡᠯᠭᠡᠷᠡᠭᠦᠯᠵᠦ ᠲᠦᠭᠡᠮᠡᠯᠵᠢᠭᠦᠯᠬᠦ ᠶᠢᠨ ᠬᠠᠮᠲᠤ ᠂ ᠥᠪᠥᠷ ᠮᠣᠩᠭᠤᠯ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠤᠨ ᠬᠢᠨ ᠪᠠᠰᠠ ︽ᠨᠡᠶᠢᠭᠡᠮᠯᠢᠭ + ᠰᠤᠷᠭᠠᠭᠤᠯᠢ︾ ᠶᠢᠨ ᠬᠠᠮᠲᠤᠷᠠᠯᠴᠠᠭᠠᠨ ᠤ ᠵᠠᠭᠪᠤᠷ ᠢ ᠰᠦᠪᠡᠭᠴᠢᠯᠡᠵᠦ᠂ ᠡᠯ᠎ᠡ ᠰᠤᠷᠭᠠᠭᠤᠯᠢ ᠳᠤ ᠰᠤᠷᠭᠠᠭᠤᠯᠢ ᠶᠢᠨ ᠬᠦᠷᠢᠶᠡᠨ ᠤ ᠮᠥᠰᠥ ᠴᠠᠰᠤᠨ ᠤ ᠺᠯᠦ᠋ᠪ ᠢ ᠪᠠᠶᠢᠭᠤᠯᠤᠭᠰᠠᠨ ᠪᠥᠭᠡᠳ ᠮᠥᠰᠥᠨ ᠳᠡᠪᠦᠷ᠎ᠡ ᠶᠢᠨ ᠠᠩᠭᠢ ᠪᠠ ᠰᠤᠷᠭᠠᠭᠤᠯᠢ ᠶᠢᠨ ᠠᠩᠭᠢ ᠶᠢ ᠰᠣᠩᠭᠤᠵᠤ᠂ ᠬᠡᠦᠬᠡᠳ ᠤᠳ ᠲᠤ ᠨᠡᠩ ᠥᠷᠭᠡᠨ ᠳᠡᠯᠭᠡᠷ ᠲᠠᠪᠴᠠᠩ ᠬᠠᠩᠭᠠᠬᠤ ᠶᠢᠨ ᠬᠠᠮᠳᠦ ᠥᠪᠡᠷᠲᠡᠭᠡᠨ ᠵᠠᠰᠠᠬᠤ ᠣᠷᠣᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠳᠤ ᠰᠢᠨ᠎ᠡ ᠰᠣᠷᠭᠤᠭ ᠬᠦᠴᠦᠨ ᠨᠡᠮᠡᠷᠢᠯᠡᠪᠡ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号