ᠵᠠᠯᠠᠶᠢᠳ ᠬᠤᠰᠢᠭᠤ ᠪᠥᠬᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/10/8
    ᠤᠶᠢᠷ᠎ᠠ ᠶᠢᠨ ᠡᠳᠦᠷ᠂ ᠵᠠᠯᠠᠶᠢᠳ ᠬᠤᠰᠢᠭᠤ ᠪᠥᠬᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃     ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠢ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠤᠨ ᠲᠤᠬᠠᠢ ᠶᠢᠨ ᠴᠠᠭ ᠤᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠬᠦ ᠶᠢᠨ ᠬᠠᠮᠲᠤ ᠬᠠᠮᠵᠢᠯᠴᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠢ ᠪᠦᠷᠢᠳᠬᠡᠨ ᠬᠥᠮᠥᠷᠭᠡ ᠳᠤ ᠣᠷᠣᠭᠤᠯᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ 2025 ᠣᠨ ᠤ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠵᠦ᠂ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ᠲᠦᠷᠦᠯ ᠵᠦᠢᠯ ᠪᠤᠯᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠤᠷᠢᠳᠴᠢᠯᠠᠨ ᠥᠷᠨᠢᠭᠦᠯᠤᠨ᠂ ᠢᠳᠡᠪᠬᠢᠲᠡᠢ ᠪᠠᠷ ᠳᠡᠭᠡᠳᠦ ᠱᠠᠲᠤᠨ ᠠᠴᠠ ᠪᠡᠯᠡ ᠮᠥᠩᠭᠦ ᠶᠢᠨ ᠳᠡᠮᠵᠢᠯᠭᠡ ᠣᠯᠵᠤ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠵᠠᠯᠠᠶᠢᠳ ᠬᠤᠰᠢᠭᠤᠨ ᠤ ᠤᠳᠤᠷᠢᠳᠤᠯᠭ᠎ᠠ ᠯᠢ ᠬᠤᠤ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号