ᠵᠠᠯᠠᠶᠢᠳ ᠬᠤᠰᠢᠭᠤ ᠴᠦᠨ ᠬᠤᠸᠠ ᠴᠢᠦ ᠱᠢ ᠠᠮᠤ ᠲᠤᠰᠤ ᠶᠢᠨ ᠬᠢᠵᠠᠭᠠᠷᠲᠤ ᠺᠣᠮᠫᠠᠨᠢ ᠲᠠᠢ ᠲᠦᠷᠦᠯ ᠵᠤᠶᠢᠯ ᠢ ᠵᠥᠪᠳᠡᠯᠴᠡᠨ ᠵᠣᠯᠭᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/8
    10 ᠰᠠᠷ᠎ᠠ ᠶᠢᠨ 3 ᠤ ᠡᠳᠦᠷ᠂ ᠵᠠᠯᠠᠶᠢᠳ ᠬᠤᠰᠢᠭᠤ ᠴᠦᠨ ᠬᠤᠸᠠ ᠴᠢᠦ ᠱᠢ ᠠᠮᠤ ᠪᠤᠳᠠᠭ᠎ᠠ ᠲᠣᠰᠣᠨ ᠤ ᠬᠢᠵᠠᠭᠠᠷᠲᠤ ᠺᠣᠮᠫᠠᠨᠢ ᠲᠠᠢ ᠤᠰᠤᠨ ᠲᠤᠲᠤᠷᠭ᠎ᠠ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠵᠥᠪᠳᠡᠯᠴᠡᠨ ᠵᠣᠯᠭᠠᠭᠤᠯᠬᠤ ᠬᠤᠷᠠᠯ ᠬᠤᠷᠠᠯᠳᠤᠭᠤᠯᠵᠠᠢ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ᠂ ᠬᠠᠷᠠᠮᠥ᠋ᠷᠡᠨ ᠤ ᠴᠦᠨ ᠬᠤᠸᠠ ᠴᠢᠦ ᠱᠢ ᠠᠮᠤ ᠲᠣᠰᠣᠨ ᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠱᠧᠨᠵᠧᠨ ᠤ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ᠂ ᠬᠠᠷᠪᠢᠨ ᠤ ᠠᠵᠤ ᠦᠢᠯᠡᠳᠪᠦᠷᠢ ᠶᠢᠨ ᠳ᠋ᠠ ᠬᠤᠸᠠ ᠱᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠤᠰᠤᠨ ᠲᠤᠲᠤᠷᠭ᠎ᠠ ᠶᠢᠨ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ᠂ ᠬᠤᠵᠢᠷᠯᠢᠭ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠵᠡᠷᠭᠡ ᠲᠦᠷᠦᠯ ᠵᠦᠢᠯ ᠤᠨ ᠲᠤᠬᠠᠢ ᠨᠠᠷᠢᠨ ᠨᠢᠭᠲᠠ ᠰᠣᠯᠢᠯᠴᠠᠭ᠎ᠠ ᠬᠢᠭᠰᠡᠨ ᠪᠥᠭᠡᠳ ᠲᠦᠷᠦᠯ ᠵᠦᠢᠯ ᠤᠨ ᠪᠡᠯᠡ ᠮᠥᠩᠭᠦ ᠶᠢᠨ ᠭᠠᠷᠳᠠᠮ᠂ ᠬᠠᠮᠲᠤᠷᠠᠯᠴᠠᠭᠠᠨ ᠤ ᠠᠷᠭ᠎ᠠ ᠬᠡᠯᠪᠡᠷᠢ ᠵᠡᠷᠭᠡ ᠶᠢ ᠭᠦᠨᠵᠡᠭᠡᠢ ᠰᠤᠳᠤᠯᠤᠨ ᠶᠠᠷᠢᠯᠴᠠᠵᠤ᠂ ᠤᠰᠤᠨ ᠲᠤᠲᠤᠷᠭ᠎ᠠ ᠶᠢᠨ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠬᠦ᠂ ᠤᠰᠤᠨ ᠲᠤᠲᠤᠷᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠣᠷᠴᠢᠯ ᠠᠵᠤ ᠠᠬᠤᠢ ᠶᠢᠨ ᠬᠥᠭᠵᠢᠯᠲᠡ ᠶᠢ ᠪᠡᠶᠡᠯᠡᠭᠦᠯᠬᠦ ᠶᠢᠨ ᠲᠣᠭᠤᠷᠢᠨ ᠳᠤ ᠬᠠᠮᠲᠤᠷᠠᠯᠴᠠᠭᠠᠨ ᠤ ᠰᠠᠨᠠᠮᠵᠢ ᠲᠤᠬᠢᠷᠠᠯᠴᠠᠪᠠ᠃       ᠵᠠᠯᠠᠶᠢᠳ ᠬᠤᠰᠢᠭᠤᠨ ᠤ ᠤᠳᠤᠷᠢᠳᠤᠯᠭ᠎ᠠ ᠯᠢ ᠬᠤᠤ᠂ ᠭᠤᠤ ᠹᠧᠩ ᠦ᠋ ᠨᠠᠷ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号