ᠪᠤᠯᠭᠠᠨᠬᠤᠸᠠ ᠰᠤᠮᠤᠨ ᠤ ᠪᠤᠯᠭᠠᠨᠬᠤᠸᠠ ᠭᠠᠴᠠᠭ᠎ᠠ ᠲᠤᠰᠬᠤᠨ ᠤ ᠠᠷᠠᠳ ᠲᠤ ᠳᠡᠵᠢᠭᠡᠯ ᠡᠪᠡᠰᠤ ᠬᠤᠪᠢᠶᠠᠪᠠ
ᠨᠡᠶᠢᠲᠡᠯᠡᠭᠰᠡᠨ ᠴᠠᠭ᠄
2024/10/9
      ︽ᠮᠠᠨ ᠤ ᠬᠢᠨ 8 ᠮᠤ᠋ ᠭᠠᠵᠠᠷ ᠠᠴᠠ ᠪᠠᠨ 800 ᠭᠠᠷᠤᠢ ᠵᠢᠩ ᠳᠡᠵᠢᠭᠡᠯ ᠡᠪᠡᠰᠤ ᠬᠤᠷᠢᠶᠠᠨ᠎ᠠ᠂ ᠪᠢ ᠦᠪᠠᠷ ᠢᠶᠠᠨ ᠳᠡᠵᠢᠭᠡᠯ ᠡᠪᠡᠰᠤ ᠬᠤᠳᠠᠯᠳᠤᠨ ᠠᠪᠬᠤ ᠴᠢᠬᠤᠯᠠ ᠦᠭᠡᠢ ᠪᠤᠯᠵᠠᠢ︾ ᠭᠡᠵᠤ ᠤᠶᠢᠷ᠎ᠠ ᠶᠢᠨ ᠡᠳᠤᠷ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤᠨ ᠤ ᠪᠤᠯᠭᠠᠨᠬᠤᠸᠠ ᠭᠠᠴᠠᠭ᠎ᠠ ᠶᠢᠨ ︽ᠭᠤᠷᠪᠠᠨ ᠬᠤᠪᠢᠷᠠᠯᠳᠠ ᠶᠢᠨ ᠦᠭᠡᠷᠡᠴᠢᠯᠠᠯᠳᠠ ᠲᠠᠪᠤᠨ ᠶᠡᠭᠡ ᠬᠠᠮᠳᠤᠷᠠᠨ ᠠᠵᠢᠯᠯᠠᠬᠤ︾ ᠳᠡᠵᠢᠭᠡᠯ ᠡᠪᠡᠰᠤ ᠶᠢᠨ ᠠᠰᠢᠭ ᠬᠤᠪᠢᠶᠠᠬᠤ ᠬᠤᠷᠠᠯ ᠤᠨ ᠠᠬᠤᠢ ᠲᠠᠯᠠᠪᠠᠢ ᠳᠤ ᠲᠤᠰᠬᠤᠨ ᠤ ᠠᠷᠠᠳ ᠢᠥᠢ ᠯᠢᠩ ᠯᠢᠩ ᠪᠠᠶᠠᠷᠳᠠᠢ ᠶᠠᠷᠢᠨ᠎ᠠ᠃      ᠳᠡᠵᠢᠭᠡᠯ ᠡᠪᠡᠰᠤ ᠶᠢᠨ ᠠᠰᠢᠭ ᠬᠤᠪᠢᠶᠠᠬᠤ ᠲᠤᠬᠠᠢ ᠶᠢᠨ ᠲᠠᠯᠠᠪᠠᠢ ᠳᠤ᠂ ᠪᠤᠯᠭᠠᠨᠬᠤᠸᠠ ᠭᠠᠴᠠᠭᠠᠨ ᠤ 258 ᠬᠤᠪᠢ ᠤᠷᠤᠭᠤᠯᠤᠭᠴᠢ ᠬᠦᠷᠤᠯᠴᠠᠨ ᠢᠷᠡᠵᠤ᠂ ᠲᠠᠩᠰᠠᠯᠠᠨ ᠪᠦᠷᠢᠳᠭᠡᠵᠤ᠂ ᠭᠠᠷ ᠤᠨ ᠦᠰᠥᠭ ᠵᠢᠷᠤᠵᠤ᠂ ᠳᠡᠵᠢᠭᠡᠯ ᠡᠪᠡᠰᠤ ᠭᠠᠷᠳᠠᠵᠤ ᠠᠪᠤᠨ᠎ᠠ᠃ ᠤᠯᠨᠨ ᠢᠶᠠᠷ ᠢᠶᠠᠨ ᠴᠢᠷᠠᠢ ᠳᠠᠭᠠᠨ ᠪᠠᠶᠠᠷ ᠤᠨ ᠮᠦᠰᠢᠶᠠᠳᠤ ᠲᠤᠳᠤᠷᠠᠭᠤᠯᠤᠨ᠂ ᠬᠠᠷᠢᠯᠴᠠᠨ ᠬᠤᠪᠢᠶᠠᠵᠤ ᠤᠯᠬᠤ ᠳᠡᠵᠢᠭᠡᠯ ᠡᠪᠡᠰᠤᠨ ᠤ ᠲᠤᠭ᠎ᠠ ᠪᠠ ︽ᠭᠤᠷᠪᠠᠨ ᠬᠤᠪᠢᠷᠠᠯᠳᠠ ᠶᠢᠨ ᠦᠭᠡᠷᠡᠴᠢᠯᠡᠯᠳᠠ ︾ ᠠᠴᠠ ᠠᠪᠴᠢᠷᠠᠭᠰᠠᠨ ᠰᠢᠨ᠎ᠠ ᠬᠤᠪᠢᠷᠠᠯᠳᠠ ᠪᠠᠨ ᠶᠠᠷᠢᠯᠴᠠᠵᠠᠭᠠᠨ᠎ᠠ᠃      ᠪᠤᠯᠭᠠᠨᠬᠤᠸᠠ ᠭᠠᠴᠠᠭᠠᠨ ᠤ ᠠᠷᠠᠳ ᠬᠠᠢ ᠯᠢᠨ ᠳᠡᠵᠢᠭᠡᠯ ᠡᠪᠡᠰᠤ ᠪᠠᠨ ᠤᠯᠤᠭᠠᠳ ᠲᠦᠢᠯ ᠢᠶᠠᠷ ᠪᠠᠶᠠᠷᠯᠠᠨ᠄ ︽ᠨᠠᠮ ᠤᠨ ᠵᠤᠬᠢᠶᠠᠨ ᠪᠠᠶᠢᠭᠤᠯᠤᠯᠳᠠ ᠠᠴᠠ ᠪᠢᠳᠠᠨ ᠢ ᠲᠠᠭᠠᠭᠤᠯᠤᠨ ᠪᠠᠶᠠᠵᠢᠯ ᠤᠨ ᠵᠠᠮ ᠢᠶᠠᠷ ᠵᠠᠮᠨᠠᠭᠰᠠᠨ ᠳᠤ ᠲᠠᠯᠠᠷᠬᠠᠵᠤ ᠪᠠᠶᠢᠨ᠎ᠠ᠂ ᠭᠡᠷ ᠠᠴᠠ ᠪᠠᠨ ᠭᠠᠷᠬᠤ ᠦᠭᠡᠢ ᠪᠠᠷ ᠰᠢᠯᠢᠳᠡᠭ ᠳᠡᠵᠢᠭᠡᠯ ᠡᠪᠡᠰᠤ ᠬᠤᠪᠢᠶᠠᠨ ᠤᠯᠵᠤ᠂ ᠪᠢᠳᠠᠨ ᠤ ᠠᠮᠢᠳᠤᠷᠠᠯ ᠤᠯᠠᠮ ᠢᠶᠠᠷ ᠰᠠᠶᠢᠵᠢᠷᠠᠯ᠎ᠠ︾ ᠭᠡᠪᠠ᠃      ᠪᠤᠯᠭᠠᠨᠬᠤᠸᠠ ᠭᠠᠴᠠᠭ᠎ᠠ ᠬᠤᠰᠢᠭᠤᠨ ᠲᠡᠰ ᠤᠨ ︽ᠭᠤᠷᠪᠠᠨ ᠬᠤᠪᠢᠷᠠᠯᠳᠠ ᠶᠢᠨ ᠦᠭᠡᠷᠡᠴᠢᠯᠡᠯᠳᠠ︾ ᠶᠢᠨ ᠲᠤᠷᠰᠢᠯᠳᠠ ᠶᠢᠨ ᠲᠤᠰᠬᠤᠨ ᠪᠤᠯᠤᠭᠰᠠᠨ ᠤ ᠬᠤᠪᠢ ᠳᠤ᠂ 2023 ᠤᠨ ᠳᠤ ᠭᠠᠵᠠᠷ ᠰᠢᠷᠤᠢ ᠶᠢᠨ ᠬᠤᠪᠢ ᠤᠷᠤᠭᠤᠯᠬᠤ ᠬᠤᠷᠰᠢᠶ᠎ᠠ ᠪᠠᠶᠢᠭᠤᠯᠵᠤ᠂ ︽ᠲᠡᠵᠢᠭᠡᠬᠦ ᠶᠢᠨ ᠲᠦᠯᠤᠭᠡ ᠲᠠᠷᠢᠬᠤ᠂ ᠮᠠᠯᠵᠢᠬᠤ ᠶᠢᠨ ᠲᠦᠯᠤᠭᠡ ᠲᠠᠷᠢᠶᠠᠯᠠᠬᠤ︾ ᠰᠡᠳᠬᠢᠴᠠ ᠶᠢᠨ ᠶᠤᠰᠤᠭᠠᠷ᠂ ᠡᠬᠢ ᠪᠠᠶᠠᠯᠢᠭ ᠢ ᠡᠳ᠋ ᠬᠦᠷᠤᠩᠭᠡ ᠪᠤᠯᠭᠠᠬᠤ᠂ ᠪᠡᠯᠡ ᠮᠦᠩᠬᠦ ᠶᠢ ᠬᠤᠪᠢ ᠤᠷᠤᠭᠤᠯᠬᠤ ᠮᠦᠩᠬᠦ ᠪᠤᠯᠭᠠᠬᠤ᠂ ᠲᠠᠷᠢᠶᠠᠴᠢᠨ ᠢ ᠬᠤᠪᠢ ᠤᠷᠤᠭᠤᠯᠤᠭᠴᠢ ᠪᠤᠯᠭᠠᠬᠤ ︽ᠭᠤᠷᠪᠠᠨ ᠬᠤᠪᠢᠷᠠᠯᠳᠠ ᠶᠢᠨ ᠦᠭᠡᠷᠡᠴᠢᠯᠠᠯᠳᠠ︾ ᠶᠢᠨ ᠠᠵᠢᠯ ᠢ ᠬᠡᠳᠤᠷᠡᠳᠠᠯ᠎ᠠ ᠪᠡᠯᠴᠢᠭᠡᠷᠯᠡᠬᠦᠯᠬᠦ ᠠᠰᠠᠭᠤᠳᠠᠯ ᠤᠨ ᠭᠤᠤᠯᠳᠠᠯᠭ᠎ᠠ ᠲᠠᠢ ᠠᠵᠢᠯ ᠲᠠᠢ ᠤᠷᠭᠠᠨᠢᠭ ᠢᠶᠠᠷ ᠤᠶᠠᠯᠳᠤᠭᠤᠯᠵᠤ᠂ ᠰᠢᠯᠢᠳᠡᠭ ᠳᠡᠵᠢᠭᠡᠯ ᠡᠪᠡᠰᠤ ᠶᠢ ᠲᠠᠷᠢᠵᠤ ᠤᠷᠭᠤᠭᠤᠯᠬᠤ ᠲᠦᠷᠤᠯ ᠵᠦᠢᠯ ᠢ ᠲᠡᠯᠭᠡᠷᠡᠬᠦᠯᠵᠤ᠂ ᠮᠠᠯᠴᠢᠨ ᠲᠠᠷᠢᠶᠠᠴᠢᠳ ᠤᠨ ︽ᠭᠡᠷ ᠤᠨ ᠡᠬᠦᠳᠡᠨ ᠳᠠᠬᠢ ᠮᠠᠯ ᠵᠢᠬᠦᠷᠳᠡᠨ ᠢ ᠲᠡᠵᠢᠭᠡᠬᠦ ᠭᠠᠵᠠᠷ︾ ᠢ ᠬᠠᠳᠤᠯᠠᠩ ᠪᠤᠯᠭᠠᠵᠤ᠂ ᠠᠮᠢ ᠠᠬᠤᠢ ᠶᠢ ᠬᠠᠮᠠᠭᠠᠯᠠᠭᠰᠠᠨ ᠤ ᠬᠠᠮᠳᠤ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠤᠯ᠎ᠠ᠃ ᠤᠶᠢᠯᠠᠭᠠᠭᠰᠠᠨ ᠢᠶᠠᠷ᠂ ᠲᠤᠰ ᠤᠳᠠᠭᠠᠨ ᠤ ᠳᠡᠵᠢᠭᠡᠯ ᠡᠪᠡᠰᠤ ᠶᠢᠨ ᠠᠰᠢᠭ ᠬᠤᠪᠢᠶᠠᠬᠤ ᠨᠢ ᠪᠤᠯᠭᠠᠨᠬᠤᠸᠠ ᠭᠠᠴᠠᠭᠠᠨ ᠤ 67 ᠡᠷᠤᠬᠡ 258 ᠬᠦᠮᠤᠨ 1016 ᠮᠤ᠋ ᠭᠠᠵᠠᠷ ᠲᠤ ᠬᠤᠯᠪᠤᠭᠳᠠᠵᠤ᠂ ᠬᠦᠮᠤᠨ ᠲᠤᠮᠳᠠᠴᠢ ᠪᠠᠷ 4 ᠮᠤ᠋ ᠬᠠᠳᠤᠯᠠᠩ᠂ ᠨᠡᠶᠢᠳᠠ 4128 ᠪᠤᠭᠤᠯᠳᠠ᠂ 13.21 ᠲᠦᠮᠡᠨ ᠵᠢᠩ ᠤᠨ ᠡᠪᠡᠰᠤ ᠬᠠᠳᠤᠪᠠ᠂ ᠡᠬᠦᠨ ᠳᠤ᠂ ᠬᠦᠮᠤᠨ ᠲᠤᠮᠳᠠᠴᠢ ᠪᠠᠷ 16 ᠪᠤᠭᠤᠯᠳᠠ 512 ᠵᠢᠩ ᠤᠨ ᠬᠢᠶᠠᠭ ᠡᠪᠡᠰᠤ ᠬᠤᠪᠢᠶᠠᠨ ᠤᠯᠵᠤ᠂ ᠵᠢᠩ ᠪᠦᠷᠢ ᠨᠢ 0.7 ᠲᠦᠬᠦᠷᠢᠭ ᠤᠨ ᠦᠷᠳᠡᠭ ᠢᠶᠠᠷ ᠪᠤᠳᠤᠪᠠᠯ᠂ ᠭᠠᠵᠠᠷ ᠰᠢᠷᠤᠢ ᠶᠢᠨ ᠬᠤᠷᠰᠢᠶ᠎ᠠ ᠶᠢᠨ 9.25 ᠲᠦᠮᠡᠨ ᠲᠦᠬᠦᠷᠢᠭ ᠤᠨ ᠤᠷᠤᠯᠭ᠎ᠠ ᠶᠢ ᠡᠷᠤᠬᠡ ᠪᠦᠷᠢ 1380 ᠭᠠᠷᠤᠢ ᠲᠦᠬᠦᠷᠢᠭ ᠬᠤᠪᠢᠶᠠᠵᠤ ᠤᠯᠵᠠᠢ᠃ ︵ᠴᠤᠯᠮᠤᠨ ᠰᠠᠷᠠᠨ᠎ᠠ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号