ᠡᠮᠴᠢᠯᠡᠬᠡᠨ ᠤ ᠬᠢᠷᠢ ᠲᠦᠪᠰᠢᠨ ᠢ ᠲᠠᠰᠦᠷᠠᠯᠳᠠ ᠦᠬᠡᠢ ᠲᠡᠭᠡᠭᠰᠢᠯᠡᠭᠦᠯᠦᠭᠰᠡᠨ ᠨᠢ
ᠨᠡᠶᠢᠲᠡᠯᠡᠭᠰᠡᠨ ᠴᠠᠭ᠄
2024/10/9
      ᠤᠶᠢᠷ᠎ᠠ ᠶᠢᠨ ᠬᠡᠳᠦᠨ ᠵᠢᠯ᠂ ᠲᠦᠪ ᠤᠨ ᠵᠤᠬᠢᠶᠠᠨ ᠪᠠᠶᠢᠭᠤᠯᠬᠤ ᠬᠡᠯᠳᠡᠰ ᠤᠨ ᠬᠢᠨ ᠤᠯᠤᠰ ᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠦᠷᠦᠨ ᠲᠡᠳᠬᠦᠬᠦ ᠬᠤᠰᠢᠭᠤ ᠰᠢᠶᠠᠨ ᠪᠤᠯᠬᠤ ᠵᠠᠯᠠᠶᠢᠳ ᠬᠤᠰᠢᠭᠤᠨ ᠳᠤ ᠡᠮᠴᠢᠯᠡᠬᠡᠨ ᠤ ᠺᠠᠳ᠋ᠷ ᠴᠢᠳᠠᠪᠦᠷᠢᠳᠠᠨ ᠢ ᠰᠤᠩᠭᠤᠨ ᠲᠤᠮᠢᠯᠠᠵᠦ ᠵᠠᠯᠠᠶᠢᠳ ᠬᠤᠰᠢᠭᠤᠨ ᠤ ᠡᠮᠴᠢᠯᠡᠬᠡᠨ ᠤ ᠬᠢᠷᠢ ᠲᠦᠪᠰᠢᠨ ᠢ ᠲᠠᠰᠦᠷᠠᠯᠳᠠ ᠦᠬᠡᠢ ᠲᠡᠭᠡᠭᠰᠢᠯᠡᠬᠦᠯᠵᠦ ᠪᠤᠢ᠃      ᠹᠧᠩᠲ᠋ᠠᠢ ᠲᠤᠭᠤᠷᠢᠭ ᠤᠨ ︽ᠪᠦᠯᠬᠦᠮ ᠪᠠᠶᠢᠭᠤᠯᠬᠤ ᠮᠠᠶ᠋ᠢᠭ︾ ᠤᠨ ᠡᠮᠴᠢᠯᠡᠬᠡᠨ ᠤ ᠬᠠᠪᠰᠦᠷᠦᠨ ᠲᠡᠳᠬᠦᠬᠦ ᠪᠦᠯᠬᠦᠮ ᠵᠠᠯᠠᠶᠢᠳ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶ᠎ᠠ ᠶᠢ ᠬᠠᠪᠰᠦᠷᠦᠨ ᠭᠤᠤᠯᠳᠠᠯᠭ᠎ᠠ ᠲᠠᠢ 6 ᠲᠤᠰᠬᠠᠢ ᠰᠠᠯᠠᠭ᠎ᠠ ᠪᠠᠶᠢᠭᠤᠯᠵᠦ᠂ 21 ᠲᠦᠷᠦᠯ ᠤᠨ ᠰᠢᠨ᠎ᠡ ᠮᠡᠷᠬᠡᠵᠢᠯ ᠤᠷᠤᠭᠤᠯᠵᠠᠢ᠃ ᠴᠡᠭᠡᠵᠢ ᠡᠪᠡᠳᠬᠦ᠂ ᠭᠠᠳᠠᠷ ᠰᠢᠷᠬ᠎ᠠ᠂ ᠲᠠᠷᠢᠬᠢᠨ ᠰᠤᠳᠠᠯ ᠲᠦᠭᠵᠢᠷᠡᠬᠦ᠂ ᠦᠪᠡᠷ ᠢᠶᠠᠨ ᠬᠦᠡᠭᠬᠡᠵᠢᠬᠦ ᠳᠤ ᠬᠦᠴᠢᠷᠳᠡᠢ ᠵᠢᠷᠮᠦᠰᠦᠨ ᠪᠦᠰᠡᠬᠦᠢ ᠶᠢ ᠠᠪᠦᠷᠠᠨ ᠵᠠᠰᠠᠬᠤ᠂ ᠨᠢᠯᠬ᠎ᠠ ᠬᠡᠤᠬᠡᠳ ᠢ ᠠᠪᠦᠷᠠᠨ ᠵᠠᠰᠠᠬᠤ ︽ᠲᠠᠪᠦᠨ ᠶᠡᠭᠡ ᠲᠦᠪ︾ ᠢ ᠬᠠᠪᠰᠦᠷᠦᠨ ᠪᠠᠶᠢᠭᠤᠯᠵᠦ᠂ ᠭᠤᠤᠯᠳᠠᠯᠭ᠎ᠠ ᠲᠠᠢ 6 ᠲᠤᠰᠬᠠᠢ ᠰᠠᠯᠠᠭ᠎ᠠ ᠨᠡᠮᠡᠨ ᠲᠤᠬᠢᠷᠠᠭᠤᠯᠵᠦ᠂ ᠬᠢᠳᠡᠳ ᠡᠮᠨᠡᠯᠬᠡ ᠶᠢᠨ ᠡᠷᠡᠬᠦᠯᠵᠢᠯ ᠤᠨ ᠰᠠᠯᠠᠭ᠎ᠠ᠂ ᠠᠮᠢᠰᠬᠤᠯ ᠤᠨ ᠰᠠᠯᠠᠭ᠎ᠠ᠂ ᠡᠪᠡᠳᠴᠢᠳᠡᠨ ᠢ ᠲᠦᠷᠭᠡᠨ ᠡᠮᠨᠡᠬᠦ ᠪᠠ ᠬᠢᠨᠠᠨ ᠬᠠᠮᠠᠭᠠᠯᠠᠬᠤ ᠦᠷᠦᠬᠡ ᠶᠢ ᠰᠢᠨ᠎ᠠ ᠪᠠᠷ ᠪᠠᠶᠢᠭᠤᠯᠵᠦ᠂ ᠲᠤᠰᠬᠠᠢ ᠰᠠᠯᠠᠭ᠎ᠠ ᠶᠢᠨ ᠦᠢᠯᠡᠴᠢᠯᠡᠬᠡᠨ ᠤ ᠴᠢᠳᠠᠪᠦᠷᠢ ᠶᠢ ᠪᠦᠳᠦᠮᠵᠢᠳᠡᠢ ᠲᠡᠭᠡᠭᠰᠢᠯᠡᠬᠦᠯᠵᠡᠢ᠃ ︽ᠨᠢᠬᠡ ᠪᠠᠷ ᠤᠯᠠᠨ ᠢ ᠲᠠᠭᠠᠭᠤᠯᠬᠤ︾ ᠴᠢᠳᠠᠪᠦᠷᠢᠳᠠᠨ ᠬᠦᠮᠦᠵᠢᠬᠦᠯᠬᠦ ᠲᠤᠬᠳᠠᠴᠠ ᠶᠢ ᠪᠠᠶᠢᠭᠤᠯᠵᠦ᠂ ᠵᠠᠯᠠᠭᠤ ᠡᠮᠴᠢ ᠶᠢ 39 ᠬᠦᠮᠦᠵᠢᠬᠦᠯᠦᠭᠰᠡᠨ ᠪᠦᠭᠡᠳ ᠪᠡᠬᠡᠵᠢᠩ ᠬᠤᠳᠠ ᠶᠢᠨ ᠹᠧᠩᠲ᠋ᠠᠢ ᠡᠮᠨᠡᠯᠬᠡ ᠶᠢᠨ ᠬᠤᠷᠢᠶᠠᠨ ᠳᠤ ᠤᠯᠠᠨ ᠡᠮᠴᠢ ᠶᠢ ᠰᠤᠷᠤᠯᠴᠠᠭᠤᠯᠵᠦ᠂ ᠡᠮᠨᠡᠯᠬᠡ ᠶᠢᠨ ᠬᠤᠷᠢᠶ᠎ᠠ ᠶᠢᠨ ᠲᠤᠰᠬᠠᠢ ᠰᠠᠯᠠᠭ᠎ᠠ ᠶᠢᠨ ᠡᠮᠴᠢ ᠨᠠᠷ ᠤᠨ ᠤᠨᠤᠰᠢᠯᠠᠨ ᠵᠠᠰᠠᠬᠤ ᠬᠢᠷᠢ ᠲᠦᠪᠰᠢᠨ ᠢ ᠶᠡᠬᠡᠪᠡᠷ ᠲᠡᠭᠡᠭᠰᠢᠯᠡᠬᠦᠯᠵᠦ ᠴᠢᠳᠠᠪᠠ᠃ ᠤᠳᠤ ᠪᠤᠯᠳᠠᠯ᠎ᠠ᠂ ︽ᠪᠦᠯᠬᠦᠮ ᠪᠠᠶᠢᠭᠤᠯᠬᠤ ᠮᠠᠶ᠋ᠢᠭ︾ ᠤᠨ ᠡᠮᠴᠢᠯᠡᠬᠡᠨ ᠤ ᠴᠢᠳᠠᠪᠦᠷᠢᠳᠠᠨ ᠢᠶᠠᠷ ᠬᠠᠪᠰᠦᠷᠦᠨ ᠲᠡᠳᠬᠦᠬᠦ ᠪᠦᠯᠬᠦᠮ ᠤᠨ ᠬᠢᠨ ᠨᠡᠶᠢᠳᠡ 152 ᠡᠪᠡᠳᠴᠢᠳᠡᠨ ︵ᠤᠳᠠᠭ᠎ᠠ︶ ᠳᠤ ᠮᠡᠰᠡ ᠵᠠᠰᠠᠯ ᠬᠢᠵᠦ᠂ 23330 ᠡᠪᠡᠳᠴᠢᠳᠡᠨ ︵ᠤᠳᠠᠭ᠎ᠠ︶ ᠢ ᠤᠨᠤᠰᠢᠯᠠᠨ ᠵᠠᠰᠠᠵᠠᠢ᠃      ᠪᠡᠬᠡᠵᠢᠩ ᠬᠤᠳᠠ ᠶᠢᠨ ᠹᠧᠩᠲ᠋ᠠᠢ ᠲᠤᠭᠤᠷᠢᠭ ᠤᠨ ︽ᠪᠦᠯᠬᠦᠮ ᠪᠠᠶᠢᠭᠤᠯᠬᠤ ᠮᠠᠶ᠋ᠢᠭ︾ ᠤᠨ ᠡᠮᠴᠢᠯᠡᠬᠡᠨ ᠤ ᠬᠠᠪᠰᠦᠷᠦᠨ ᠲᠡᠳᠬᠦᠬᠦ ᠪᠦᠯᠬᠦᠮ ᠤᠨ ᠬᠢᠨ ᠪᠠᠰᠠ ᠵᠠᠯᠠᠶᠢᠳ ᠬᠤᠰᠢᠭᠤᠨ ᠳᠤ ︽ᠡᠮᠴᠢᠯᠡᠬᠡᠨ ᠤ ᠬᠠᠮᠳᠤ ᠶᠢᠨ ᠴᠤᠬᠴᠠ︾ ᠶᠢ ᠪᠦᠳᠦᠭᠡᠨ ᠪᠠᠶᠢᠭᠤᠯᠵᠦ᠂ ᠦᠨᠳᠦᠰᠦᠨ ᠱᠠᠳᠦᠨ ᠤ ᠡᠮᠨᠡᠯᠬᠡ ᠶᠢᠨ ᠬᠤᠷᠢᠶ᠎ᠠ ᠲᠠᠢ ᠵᠤᠬᠢᠴᠠᠭᠤᠯᠤᠨ ᠵᠤᠯᠭᠠᠭᠤᠯᠵᠦ᠂ ᠬᠠᠪᠰᠦᠷᠦᠨ ᠲᠡᠳᠬᠦᠬᠦ ᠲᠦᠰᠦᠪ ᠲᠤᠬᠳᠠᠭᠠᠨ᠂ ᠨᠡᠶᠢᠳᠡ ᠶᠢᠨ ᠡᠷᠡᠬᠦᠯ ᠬᠠᠮᠠᠭᠠᠯᠠᠯ᠂ ᠬᠠᠯᠳᠠᠪᠦᠷᠢᠳᠤ ᠡᠪᠡᠳᠴᠢᠨ ᠢ ᠰᠡᠷᠬᠡᠶᠢᠯᠡᠨ ᠵᠠᠰᠠᠬᠤ ᠵᠡᠷᠭᠡ ᠤᠯᠠᠨ ᠲᠠᠯ᠎ᠠ ᠠᠴᠠ ᠭᠠᠷᠳᠠᠵᠦ᠂ ᠸᠢᠳᠢᠤ᠋ ᠵᠢᠭᠠᠨ ᠰᠤᠷᠭᠠᠯᠳᠠ᠂ ᠬᠦᠳᠡᠭᠡ ᠲᠤᠰᠬᠤᠨ ᠢᠶᠠᠷ ᠠᠯᠪᠠᠨ ᠵᠢᠷᠦᠮ ᠤᠨ ᠡᠮᠴᠢᠯᠡᠭᠡ ᠬᠢᠬᠦ ᠵᠡᠷᠭᠡ ᠬᠡᠯᠪᠡᠷᠢ ᠪᠠᠷ ᠵᠢᠭᠠᠨ ᠰᠤᠷᠭᠠᠯᠳᠠ ᠶᠢᠨ ᠠᠵᠢᠯᠯᠠᠭ᠎ᠠ ᠦᠷᠨᠢᠬᠦᠯᠵᠦ᠂ ᠰᠤᠮᠤ ᠰᠢᠶᠠᠩ ᠪᠠᠯᠭᠠᠰᠦ ᠶᠢᠨ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠶᠡᠷᠦᠩᠭᠡᠶᠢᠯᠡᠭᠰᠡᠨ ᠴᠢᠳᠠᠪᠦᠷᠢ ᠶᠢ ᠲᠡᠭᠡᠭᠰᠢᠯᠡᠭᠦᠯᠦᠨ᠂ ᠪᠦᠬᠦ ᠬᠤᠰᠢᠭᠤᠨ ᠤ ᠡᠮᠴᠢᠯᠡᠬᠡᠨ ᠤ ᠦᠢᠯᠡᠴᠢᠯᠡᠭᠡ ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ ᠤᠯᠠᠨ ᠲᠦᠮᠡᠨ ᠳᠤ ᠲᠦᠬᠦᠮ᠂ ᠰᠢᠯᠢᠳᠡᠭ ᠡᠮᠴᠢᠯᠡᠬᠡᠨ ᠤ ᠦᠢᠯᠡᠴᠢᠯᠡᠭᠡ ᠬᠠᠨᠭ᠍ᠭᠠᠬᠤ ᠪᠤᠯᠤᠭᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号