ᠵᠠᠯᠠᠶᠢᠳ ᠬᠤᠰᠢᠭᠤᠨ ᠤ ᠪᠠᠶᠠᠨᠵᠢᠯᠠᠭ᠎ᠠ ᠰᠢᠶᠠᠩ ᠤᠨ ᠹᠧᠩ ᠴᠠᠨ ᠲᠤᠰᠬᠤᠨ ᠤ ᠨᠠᠮ ᠤᠨ ᠡᠭᠦᠷ ᠵᠤᠬᠢᠶᠠᠨ ᠪᠠᠶᠢᠭᠤᠯᠬᠤ ᠴᠢᠳᠠᠪᠬᠢ ᠪᠠᠨ ᠰᠠᠶᠢᠳᠦᠷ ᠪᠠᠳᠠᠷᠠᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/10/9
     ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠵᠠᠯᠠᠶᠢᠳ ᠬᠤᠰᠢᠭᠤᠨ ᠤ ᠪᠠᠶᠠᠨᠵᠢᠯᠠᠭ᠎ᠠ ᠰᠢᠶᠠᠩ ᠤᠨ ᠹᠧᠩ ᠴᠠᠨ ᠲᠤᠰᠬᠤᠨ ᠤ ᠨᠠᠮ ᠤᠨ ᠡᠭᠦᠷ ᠵᠤᠬᠢᠶᠠᠨ ᠪᠠᠶᠢᠭᠤᠯᠬᠤ ᠴᠢᠳᠠᠪᠬᠢ ᠪᠠᠨ ᠪᠠᠳᠠᠷᠠᠭᠤᠯᠵᠦ᠂ ︽ᠨᠠᠮ ᠤᠨ ᠪᠠᠶᠢᠭᠤᠯᠤᠯᠳᠠ︾ ᠪᠠᠷ ᠦᠨᠳᠦᠰᠦᠨ ᠱᠠᠳᠦᠨ ᠤ ᠵᠠᠰᠠᠯᠳᠠ ᠶᠢ ᠠᠬᠢᠭᠤᠯᠵᠦ᠂ ᠤᠨᠤᠯ ᠰᠤᠷᠤᠯᠴᠠᠬᠤ᠂ ᠠᠷᠠᠳ ᠲᠦᠮᠡᠨ ᠲᠠᠢ ᠰᠡᠳᠬᠢᠯ ᠢᠶᠠᠨ ᠬᠤᠯᠪᠤᠬᠤ᠂ ᠬᠦᠭᠵᠢᠯᠳᠡ ᠶᠢ ᠠᠬᠢᠭᠤᠯᠬᠤ ᠵᠡᠷᠭᠡ ᠲᠠᠯ᠎ᠠ ᠪᠠᠷ ᠪᠤᠳᠠᠳᠤ ᠦᠷ᠎ᠠ ᠪᠦᠳᠦᠮᠵᠢ ᠤᠯᠵᠠᠢ᠃      ᠪᠠᠶᠠᠨᠵᠢᠯᠠᠭ᠎ᠠ ᠰᠢᠶᠠᠩ ᠤᠨ ᠹᠧᠩ ᠴᠠᠨ ᠲᠤᠰᠬᠤᠨ ᠤ ᠨᠠᠮ ᠤᠨ ᠬᠡᠰᠢᠬᠦᠨ ᠺᠠᠳ᠋ᠷ ᠨᠠᠷ ᠰᠠᠷ᠎ᠠ ᠪᠦᠷᠢ ᠨᠢᠬᠡ ᠤᠳᠠᠭ᠎ᠠ ᠭᠤᠤᠯ ᠰᠡᠳᠤᠪᠳᠤ ᠨᠠᠮ ᠤᠨ ᠡᠳᠦᠷᠯᠢᠭ ᠤᠨ ᠠᠵᠢᠯᠯᠠᠭ᠎ᠠ ᠦᠷᠨᠢᠬᠦᠯᠵᠦ᠂ ᠦᠵᠡᠯ ᠰᠠᠨᠠᠭ᠎ᠠ ᠤᠯᠤᠰ ᠲᠦᠷᠦ ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠦᠨᠳᠦᠰᠦᠨ ᠱᠠᠳᠦᠨ ᠤ ᠨᠡᠶᠢᠬᠡᠮ ᠤᠨ ᠵᠠᠰᠠᠯᠳᠠ ᠵᠡᠷᠭᠡ ᠲᠠᠯ᠎ᠠ ᠪᠠᠷ ᠬᠢ ᠰᠤᠷᠤᠯᠴᠠᠯᠭ᠎ᠠ ᠰᠤᠳᠤᠯᠭᠠᠨ ᠢᠶᠠᠨ ᠴᠢᠩᠭᠠᠳᠬᠠᠵᠦ ᠪᠤᠢ᠃ ᠤᠨᠤᠯ ᠤᠨ ᠰᠤᠷᠤᠯᠴᠠᠯᠭ᠎ᠠ ᠶᠢᠨ ᠲᠠᠯ᠎ᠠ ᠪᠠᠷ ᠲᠡᠳᠡ ᠤᠯᠠᠨ ᠲᠦᠮᠡᠨ ᠤ ᠢᠳᠡᠪᠬᠢᠵᠢᠯ ᠢ ᠲᠠᠶᠢᠴᠢᠯᠠᠵᠦ᠂ ᠦᠷᠬᠦᠯᠵᠢ ᠡᠷᠦᠬᠡ ᠪᠠᠷ ᠬᠦᠨᠵᠡᠬᠡᠶᠢᠷᠡᠨ᠂ ᠨᠠᠮ ᠤᠨ ᠠᠷᠠᠳ ᠲᠤ ᠠᠰᠢᠭ ᠬᠦᠷᠳᠡᠭᠡᠬᠦ ᠲᠦᠷᠦ ᠶᠢᠨ ᠪᠤᠳᠤᠯᠭ᠎ᠠ ᠶᠢ ᠲᠠᠷᠢᠶᠠᠴᠢᠳ ᠲᠤ ᠦᠷᠭᠦᠯᠵᠢ ᠤᠬᠠᠭᠤᠯᠳᠠᠭ᠃ ᠹᠧᠩ ᠴᠠᠨ ᠲᠤᠰᠬᠤᠨ ᠤ ᠸᠠᠨ ᠵᠢᠶᠠ ᠡᠤ᠄ ︽ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠠ ᠨᠢ ᠲᠠᠷᠢᠶᠠᠴᠢᠳ ᠲᠤ  ᠦᠨᠡᠨ ᠬᠦ ᠠᠰᠢᠭ ᠬᠦᠷᠳᠡᠭᠡᠵᠠᠢ᠃ ᠲᠠᠷᠠᠭ᠎ᠠ ᠵᠢᠯ ᠪᠢ ᠰᠢᠷ᠎ᠠ ᠪᠤᠷᠴᠠᠭ ᠠᠷᠪᠢᠨ ᠲᠠᠷᠢᠨ᠎ᠠ︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃      ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠠᠵᠦ ᠦᠢᠯᠡᠰ ᠵᠠᠩᠬᠢᠯᠠᠭ᠎ᠠ ᠪᠤᠯᠳᠠᠭ᠃ ᠹᠧᠩ ᠴᠠᠨ ᠲᠤᠰᠬᠤᠨ ︽ᠨᠠᠮ ᠤᠨ ᠡᠬᠦᠷ + ᠠᠵᠦ ᠠᠬᠤᠶᠢᠯᠠᠯ + ᠲᠠᠷᠢᠶᠠᠴᠢᠨ ᠡᠷᠦᠬᠡ︾ ᠶᠢᠨ ᠵᠠᠬᠪᠦᠷ ᠢ ᠢᠳᠡᠪᠬᠢᠳᠡᠢ ᠰᠦᠪᠡᠭᠴᠢᠯᠡᠵᠦ᠂ ᠤᠯᠠᠨ ᠲᠦᠮᠡᠨ ᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠬᠦᠯᠵᠡᠢ᠃ ᠲᠤᠰ ᠲᠤᠰᠬᠤᠨ ᠪᠠᠰᠠ ᠪᠠᠶᠠᠨᠵᠢᠯᠠᠭ᠎ᠠ ᠰᠢᠶᠠᠩ ᠤᠨ ᠰᠢ ᠲᠸᠤ ᠴᠧᠩ ᠽᠢ ᠮᠠᠯ ᠤᠨᠤᠭ᠎ᠠ ᠠᠷᠠᠯᠵᠢᠶᠠᠯᠠᠬᠤ ᠬᠤᠳᠠᠯᠳᠤᠭᠠᠨ ᠤ ᠵᠠᠬ᠎ᠠ ᠲᠡᠯᠬᠡᠬᠦᠷ ᠤᠨ ᠲᠠᠪᠠᠭᠤᠯᠢᠭ ᠢ ᠠᠰᠢᠬᠯᠠᠨ᠂  ᠮᠢᠬᠠᠨ ᠦᠬᠡᠷ ᠤᠨ ᠠᠵᠦ ᠦᠢᠯᠡᠰ ᠢ ᠬᠦᠭᠵᠢᠬᠦᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠤᠢ᠃      ᠹᠧᠩ ᠴᠠᠨ ᠲᠤᠰᠬᠤᠨ ᠤ ᠨᠠᠮ ᠤᠨ ᠬᠡᠰᠢᠬᠦᠨ ᠺᠠᠳ᠋ᠷ ᠨᠠᠷ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ ᠲᠤᠰᠬᠤᠨ ᠤ ᠠᠷᠠᠳ ᠤᠨ ᠡᠳᠦᠷ ᠲᠤᠳᠤᠮ ᠤᠨ ᠠᠮᠢᠳᠦᠷᠠᠯ ᠦᠢᠯᠡᠳᠪᠦᠷᠢᠯᠡᠯ ᠲᠠᠢ ᠤᠶᠠᠯᠳᠤᠭᠤᠯᠵᠦ᠂ ᠤᠯᠠᠨ ᠲᠦᠮᠡᠨ ᠤ ᠠᠮᠢᠳᠦᠷᠠᠯ ᠤᠨ ᠪᠤᠳᠠᠳᠠᠢ ᠬᠦᠴᠢᠷᠳᠡᠯ ᠢ ᠤᠶᠢᠯᠠᠭᠠᠵᠦ᠂ ᠵᠦᠷᠢᠴᠡᠯ ᠵᠢᠭᠤᠷᠠᠯᠳᠤᠭᠠᠨ ᠢ ᠪᠠᠶᠢᠴᠠᠭᠠᠨ᠂ ᠮᠠᠯᠵᠢᠬᠤ ᠲᠠᠷᠢᠶᠠᠯᠠᠬᠤ ᠤᠷᠤᠨ ᠤ ᠮᠠᠭᠤ ᠮᠠᠭᠤᠬᠠᠢ ᠵᠠᠩ ᠲᠠᠳᠬᠠᠯ ᠢ ᠦᠭᠡᠷᠡᠴᠢᠯᠡᠵᠦ᠂ ᠤᠯᠠᠨ ᠲᠦᠮᠡᠨ ᠤ ᠵᠤᠯ ᠵᠢᠷᠭᠠᠯ ᠤᠨ ᠵᠢᠭᠠᠯᠳᠠ ᠲᠤᠭ᠎ᠠ ᠶᠢ ᠨᠡᠮᠡᠭᠳᠡᠬᠦᠯᠵᠡᠢ᠃      ᠨᠢᠳᠤᠨᠤᠨ ᠹᠧᠩ ᠴᠠᠨ ᠲᠤᠰᠬᠤᠨ ᠤ ᠨᠠᠮ ᠤᠨ ᠡᠬᠦᠷ ᠤᠯᠠᠨ ᠲᠦᠮᠡᠨ ᠤ ᠰᠤᠷᠪᠤᠯᠵᠢᠯᠠᠭ᠎ᠠ ᠶᠢ 28 ᠤᠳᠠᠭ᠎ᠠ ᠬᠦᠯᠢᠶᠡᠨ ᠠᠪᠴᠦ᠂ ᠵᠦᠷᠢᠴᠡᠯ ᠵᠢᠭᠤᠷᠠᠯᠳᠤᠭᠠᠨ ᠢ 3 ᠰᠶᠢᠳᠪᠦᠷᠢᠯᠡᠵᠦ᠂ 8000 ᠮᠤ᠋ ᠭᠠᠵᠠᠷ ᠰᠢᠷᠦᠢ ᠶᠢ ᠰᠢᠯᠵᠢᠬᠦᠯᠵᠦ᠂ ᠮᠤ᠋ ᠪᠦᠷᠢ ᠠᠴᠠ 200 ᠲᠦᠬᠦᠷᠢᠭ ᠤᠨ ᠤᠷᠤᠯᠭ᠎ᠠ ᠤᠯᠵᠦ᠂ ︽ᠨᠠᠮ ᠤᠨ ᠪᠠᠶᠢᠭᠤᠯᠤᠯᠳᠠ +︾ ᠪᠠᠷ ᠦᠨᠳᠦᠰᠦᠨ ᠱᠠᠳᠦᠨ ᠤ ᠵᠠᠰᠠᠯᠳᠠ ᠶᠢ ᠠᠬᠢᠭᠤᠯᠤᠨ᠂ ᠨᠠᠮ ᠤᠨ ᠬᠡᠰᠢᠬᠦᠨ ᠺᠠᠳ᠋ᠷ ᠨᠠᠷ ᠤᠨ ᠨᠠᠮ ᠤᠨ ᠠᠴᠢ ᠳᠤ ᠲᠠᠯᠠᠷᠬᠠᠨ᠂ ᠨᠠᠮ ᠤᠨ ᠦᠬᠡ ᠶᠢ ᠰᠤᠨᠤᠰᠴᠦ᠂ ᠨᠠᠮ ᠢᠶᠠᠨ ᠲᠠᠭᠠᠨ ᠤᠷᠤᠬᠰᠢᠯᠠᠬᠤ ᠶᠢ ᠲᠠᠶᠢᠴᠢᠯᠠᠵᠦ᠂ ᠬᠦᠳᠡᠭᠡ ᠲᠤᠰᠬᠤᠨ ᠤ ᠠᠵᠦ ᠦᠢᠯᠡᠰ ᠤᠨ ᠬᠦᠭᠵᠢᠯᠳᠡ ᠶᠢ ᠠᠬᠢᠭᠤᠯᠵᠠᠢ᠃      ᠹᠧᠩ ᠴᠠᠨ ᠲᠤᠰᠬᠤᠨ ᠤ ᠨᠠᠮ ᠤᠨ ᠡᠬᠦᠷ ᠤᠨ ᠱᠦᠵᠢ ᠰᠦᠨ ᠸᠧᠢ ᠮᠢᠨ᠄ ︽ᠲᠠᠷᠠᠭ᠎ᠠ ᠵᠢᠯ ᠪᠦᠬᠦ ᠲᠤᠰᠬᠤᠨ ᠢᠶᠠᠷ ᠢᠶᠠᠨ ᠦᠨᠳᠦᠷ ᠪᠠᠷᠢᠮᠵᠢᠶᠠᠳᠤ ᠲᠠᠷᠢᠶ᠎ᠠ ᠶᠢ 27000 ᠮᠤ᠋ ᠲᠠᠷᠢᠵᠦ᠂ ᠠᠷᠠᠳ ᠤᠯᠠᠨ ᠤ ᠤᠷᠤᠯᠭ᠎ᠠ ᠶᠢ ᠨᠡᠮᠡᠭᠳᠡᠭᠦᠯᠦᠨ᠎ᠠ︾ ᠬᠡᠵᠦ ᠶᠠᠷᠢᠵᠦ ᠪᠠᠶᠢᠪᠠ᠃ ︵ᠵᠸᠤ ᠶᠠᠨ ᠢᠤᠢ   ᠪᠤᠤ ᠴᠡᠯᠮᠡᠭ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号