| ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠢᠩᠬᠢᠮ ᠠᠴᠠ ᠤᠶᠢᠯᠠᠭᠠᠭᠰᠠᠨ ᠢᠶᠠᠷ᠂ ᠮᠠᠨ ᠤ ᠤᠷᠤᠨ ᠪᠡᠯᠴᠢᠬᠡᠷ ᠤᠨ ᠲᠠᠭᠠᠭᠠᠴᠠ ᠠᠴᠠ ᠬᠡᠳᠤᠷᠠᠳᠠᠯ᠎ᠠ | ᠪᠡᠯᠴᠢᠬᠡᠷᠯᠡᠬᠦᠯᠬᠦ ᠠᠰᠠᠭᠤᠳᠠᠯ ᠢ ᠬᠦᠴᠦᠯᠡᠨ ᠰᠶᠢᠳᠪᠤᠷᠢᠯᠡᠵᠤ᠂ ᠡᠨᠡ ᠵᠢᠯ ᠲᠤᠷᠰᠢᠯᠲᠠ ᠶᠢᠨ ᠴᠡᠭ ᠤᠨ ᠬᠤᠰᠢᠭᠤ | ᠰᠢᠶᠠᠨ ᠤ ᠪᠠᠶᠢᠭᠠᠯᠢ ᠶᠢᠨ ᠨᠤᠲᠤᠭ ᠪᠡᠯᠴᠢᠭᠡᠷ ᠤᠨ ᠮᠠᠯ ᠪᠡᠯᠴᠢᠭᠡᠷ ᠤᠨ ᠲᠡᠩᠴᠡᠭᠦᠷᠢ ᠶᠢᠨ ᠵᠢᠭᠠᠯᠲᠠ ᠲᠤᠭ᠎ᠠ ᠶᠢ | ᠪᠦᠬᠦᠨ ᠢ 10% ᠠᠴᠠ ᠳᠣᠷᠣᠭᠰᠢ ᠪᠣᠯᠲᠠᠯ᠎ᠠ ᠪᠠᠭᠤᠷᠠᠭᠤᠯᠵᠤ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠰᠡᠨ ᠮᠠᠯ | ᠤᠨᠤᠭ᠎ᠠ ᠶᠢ 368 ᠲᠦᠮᠡᠨ ᠬᠤᠨᠢᠨ ᠨᠢᠭᠡᠴᠢ ᠶᠢ ᠲᠠᠷᠬᠠᠭᠠᠨ ᠲᠤᠬᠢᠷᠠᠭᠤᠯᠬᠤ ᠪᠠᠷ ᠲᠦᠯᠦᠪᠯᠡᠵᠦ᠂ ᠣᠳᠣᠬᠠᠨ ᠳᠤ | ᠨᠢᠭᠡᠨᠲᠡ 59% ᠶᠢ ᠨᠢ ᠲᠠᠷᠬᠠᠭᠠᠨ ᠲᠤᠬᠢᠷᠠᠭᠤᠯᠪᠠ᠃ | ᠮᠠᠨ ᠤ ᠤᠷᠤᠨ ᠲᠠᠷᠬᠠᠭᠠᠨ ᠲᠤᠬᠢᠷᠠᠭᠤᠯᠤᠭᠠᠳ ᠦᠯᠡᠳᠡᠭᠰᠡᠨ ᠮᠠᠯ ᠤᠨᠤᠭ᠎ᠠ ᠶᠢ ᠬᠠᠰᠢᠶᠠᠯᠠᠨ ᠲᠡᠵᠢᠭᠡᠬᠦ ᠶᠢ | ᠳᠡᠮᠵᠢᠵᠦ᠂ ᠣᠳᠣᠬᠠᠨ ᠳᠤ ᠨᠢᠭᠡᠨᠲᠡ ᠲᠤᠷᠰᠢᠯᠲᠠ ᠶᠢᠨ ᠴᠡᠭ ᠬᠤᠰᠢᠭᠤ ᠰᠢᠶᠠᠨ ᠳᠤ 45 ᠲᠦᠮᠡᠨ ᠲᠡᠭᠰᠢ | ᠳᠥᠷᠪᠡᠯᠵᠢᠨ ᠮᠧᠲᠷ ᠤᠨ ᠬᠠᠰᠢᠶ᠎ᠠ ᠰᠠᠷᠠᠪᠴᠢ ᠶᠢ ᠰᠢᠨ᠎ᠡ ᠪᠠᠷ ᠪᠠᠶᠢᠭᠤᠯᠵᠤ᠂ ᠬᠡᠷ ᠪᠦᠯᠢ ᠶᠢᠨ ᠮᠠᠯᠵᠢᠯ ᠤᠨ ᠲᠠᠯᠠᠪᠠᠶ᠂ | ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ᠂ ᠲᠤᠰᠬᠠᠢ ᠬᠤᠷᠰᠢᠶ᠎ᠠ ᠶᠢ ᠰᠢᠨ᠎ᠡ ᠪᠠᠷ 3481 ᠪᠠᠶᠢᠭᠤᠯᠤᠭᠰᠠᠨ | ᠪᠤᠶᠤ ᠥᠷᠭᠡᠳᠭᠡᠨ ᠪᠠᠶᠢᠭᠤᠯᠵᠤ᠂ ᠣᠶᠤᠨᠴᠢ ᠮᠠᠯᠵᠢᠯ ᠤᠨ ᠲᠠᠯᠠᠪᠠᠶ ᠶᠢ 247 ᠪᠠᠶᠢᠭᠤᠯᠪᠠ᠃ ᠡᠭᠦᠨ ᠤ ᠬᠠᠮᠲᠤ | ᠡᠪᠡᠰᠦ ᠪᠣᠷᠳᠣᠭᠠᠨ ᠤ ᠬᠠᠨᠭ᠍ᠭᠠᠯᠭ᠎ᠠ ᠢᠢᠨ ᠴᠢᠳᠠᠪᠤᠷᠢ ᠶᠢ ᠳᠡᠭᠡᠭᠰᠢᠯᠡᠭᠦᠯᠦᠨ᠂ ︽ᠬᠢᠶᠠᠭ ᠡᠪᠡᠰᠦᠨ ᠤ ᠠᠵᠤ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︵2023 — 2030︶︾ ᠶᠢ ᠨᠡᠶᠢᠲᠡᠯᠡᠨ ᠬᠢᠶᠠᠭ | ᠡᠪᠡᠰᠦ᠂ ᠪᠤᠷᠤ ᠴᠠᠷᠭᠠᠰᠤ᠂ ᠲᠡᠵᠢᠭᠡᠯ ᠪᠣᠷᠳᠤᠭ᠎ᠠ ᠳᠤ ᠬᠡᠷᠡᠭᠯᠡᠬᠦ ᠨᠣᠬᠠᠢ ᠶᠢᠨ ᠬᠤᠰᠢᠭᠤ᠂ ᠬᠦᠬᠡ ᠳᠠᠷᠤᠰᠢ ᠶᠢᠨ | ᠡᠷᠳᠡᠨᠢ ᠰᠢᠰᠢ ᠵᠡᠷᠭᠡ ᠲᠡᠵᠢᠭᠡᠯ ᠡᠪᠡᠰᠦ ᠶᠢ 2000 ᠲᠦᠮᠡ ᠭᠠᠷᠤᠢ ᠮᠦ ᠲᠠᠷᠢᠵᠤ᠂ ᠵᠢᠯ ᠤᠨ ᠭᠠᠷᠤᠯᠲᠠ ᠨᠢ | 2000 ᠲᠦᠮᠡᠨ ᠲᠣᠨ ᠳᠤ ᠲᠦᠬᠦᠵᠤ᠂ ᠪᠠᠶᠢᠭᠠᠯᠢ ᠶᠢᠨ ᠲᠡᠵᠢᠭᠡᠯ ᠡᠪᠡᠰᠦᠨ ᠤ ᠭᠠᠷᠤᠯᠲᠠ 3000 ᠲᠦᠮᠡᠨ | ᠲᠣᠨ ᠳᠤ ᠲᠦᠬᠦᠵᠤ᠂ 2800 ᠲᠦᠮᠡᠨ ᠲᠣᠨ ᠡᠰᠢ ᠰᠦᠷᠡᠯ ᠢ ᠲᠠᠵᠢᠬᠡᠯ ᠪᠣᠷᠳᠤᠭ᠎ᠠ ᠪᠤᠯᠭᠠᠨ ᠠᠰᠢᠭᠯᠠᠵᠤ ᠪᠤᠢ᠃ | ᠡᠬᠦᠨ ᠤ ᠬᠠᠮᠳᠤ ᠪᠠᠰᠠ ᠨᠥᠬᠦᠴᠡᠯ ᠪᠦᠷᠢᠯᠳᠦᠭᠦᠯᠤᠨ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠮᠠᠯᠵᠢᠬᠤ | ᠣᠷᠣᠨ ᠤ ᠵᠢᠭᠤᠯᠴᠢᠯᠠᠯ᠂ ᠠᠷᠠᠳ ᠤᠨ ᠰᠠᠭᠤᠴᠠ ᠵᠡᠷᠭᠡ ᠣᠷᠣᠯᠭ᠎ᠠ ᠶᠢ ᠨᠡᠮᠡᠭᠳᠡᠭᠦᠯᠬᠦ ᠪᠤᠰᠤᠳ ᠲᠥᠷᠥᠯ ᠵᠦᠢᠯ ᠢ | ᠡᠮᠬᠢ ᠵᠢᠷᠤᠮ ᠲᠠᠢ ᠦᠷᠨᠢᠭᠦᠯᠵᠤ᠂ ᠮᠠᠯ ᠠᠵᠤ ᠠᠬᠤᠶ ᠶᠢᠨ ᠲᠣᠮᠣ ᠣᠷᠣᠨ ᠠᠴᠠ ᠮᠠᠯ ᠠᠵᠤ ᠠᠬᠤᠶ ᠢᠢᠨ | ᠬᠦᠴᠦᠷᠬᠡᠭ ᠣᠷᠣᠨ ᠲᠡᠶᠢᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦ ᠶᠢ ᠠᠬᠢᠭᠤᠯᠵᠤ᠂ ᠠᠮᠢ ᠠᠬᠤᠶ ᠪᠠ | ᠦᠢᠯᠡᠳᠪᠦᠷᠢᠯᠡᠯ ᠠᠮᠢᠳᠤᠷᠠᠯ ᠤᠨ ᠡᠶ᠎ᠡ ᠵᠣᠬᠢᠴᠠᠩᠭᠤᠶ ᠬᠥᠭᠵᠢᠯᠲᠡ ᠶᠢ ᠠᠬᠢᠭᠤᠯᠵᠤ ᠪᠠᠶᠢᠨ᠎ᠠ᠃ |