| ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠢᠦᠶ ᠰᠢᠤᠸᠠᠢ | ᠵᠢᠶᠦ᠋ᠨ 12 ᠤᠨ ᠡᠳᠦᠷ᠂ ᠮᠠᠨ ᠤ ᠤᠯᠤᠰ ᠤᠨ ᠬᠦᠨᠳᠦ ᠶᠡᠭᠡ ᠤᠳᠠᠭᠠᠨ ᠴᠢᠨᠠᠷᠳᠠᠢ ᠡᠪᠡᠳᠴᠢᠨ ᠢᠶᠠᠷ ᠬᠡᠲᠦ ᠡᠷᠲᠡ | ᠥᠭᠦᠬᠦ ᠨᠣᠷᠮ᠎ᠠ 2015 ᠣᠨ ᠳᠤ 18.5% ᠪᠠᠶᠢᠭᠰᠠᠨ ᠠᠴᠠ ᠪᠠᠨ 2023 ᠣᠨ ᠳᠤ ᠨᠢᠬᠡᠨᠳᠡ 15.0% | ᠪᠣᠯᠵᠣ ᠪᠠᠭᠤᠷᠠᠨ᠂ ᠪᠠᠭᠤᠷᠠᠯᠲᠠ ᠶᠢᠨ ᠬᠡᠮᠵᠢᠶ᠎ᠡ ᠨᠢ 18.9% ᠳᠤ ᠬᠦᠷᠴᠡᠶ ᠭᠡᠪᠡ᠃ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠬᠡᠷ ᠤᠨ ᠲᠤᠬᠠᠶ ᠶᠢᠨ ᠡᠳᠦᠷ | ᠬᠤᠷᠠᠯᠳᠤᠭᠤᠯᠤᠭᠰᠠᠨ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠰᠢᠷᠢᠰ ᠭᠤᠤᠯ ᠰᠡᠳᠦᠪᠲᠦ ᠰᠣᠨᠢᠨ | ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠢᠦᠶ ᠰᠢᠤᠸᠠᠢ ᠵᠢᠶᠦ᠋ᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠨ᠂ ᠡᠮᠨᠡᠬᠦ ᠪᠠ ᠰᠡᠷᠭᠡᠶᠢᠯᠡᠬᠦ ᠶᠢ | ᠠᠭᠤᠰᠤᠯᠴᠠᠭᠤᠯᠬᠤ ᠶᠢ ᠴᠢᠩᠭᠠᠳᠬᠠᠵᠤ᠂ ᠪᠥᠬᠦ ᠬᠥᠮᠦᠰ᠂ ᠠᠮᠢ ᠨᠠᠰᠤᠨ ᠤ ᠪᠥᠬᠦ ᠦᠶᠡᠯᠡᠯ ᠤᠨ ᠬᠤᠭᠤᠴᠠᠭ᠎ᠠ᠂ | ᠪᠥᠬᠦ ᠶᠠᠪᠤᠴᠠ ᠶᠢᠨ ᠤᠳᠠᠭᠠᠨ ᠴᠢᠨᠠᠷᠳᠠᠢ ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ ᠭᠡᠵᠦ ᠲᠠᠨᠢᠯᠴᠠᠭᠤᠯᠪᠠ᠃ | ᠬᠦᠨᠳᠦ ᠶᠡᠭᠡ ᠤᠳᠠᠭᠠᠨ ᠴᠢᠨᠠᠷᠳᠠᠢ ᠡᠪᠡᠳᠴᠢᠨ ᠢᠶᠠᠷ ᠬᠡᠲᠦ ᠡᠷᠲᠡ ᠥᠭᠦᠬᠦ ᠨᠣᠷᠮ᠎ᠠ ᠭᠡᠳᠡᠭ ᠨᠢ 30 ᠨᠠᠰᠤᠨ ᠠᠴᠠ | 70 ᠨᠠᠰᠤᠨ ᠤ ᠬᠥᠮᠦᠰ ᠤᠨ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠥᠮᠡᠨ ᠡᠪᠡᠳᠴᠢᠨ᠂ ᠰᠢᠬᠢᠷ | ᠰᠢᠵᠢᠩ ᠡᠪᠡᠳᠴᠢᠨ ᠪᠤᠶᠤ ᠤᠳᠠᠭᠠᠨ ᠴᠢᠨᠠᠷᠳᠠᠢ ᠠᠮᠢᠰᠬᠤᠯ ᠤᠨ ᠰᠢᠰᠲ᠋ᠧᠮ ᠤᠨ ᠡᠪᠡᠳᠴᠢᠨ ᠵᠡᠷᠭᠡ ᠠᠴᠠ ᠪᠣᠯᠵᠣ | ᠥᠭᠦᠬᠦ ᠲᠣᠬᠢᠶᠠᠯᠳᠤᠮᠵᠢ ᠶᠢ ᠵᠢᠭᠠᠵᠤ ᠪᠣᠶ᠂ ᠡᠨᠡ ᠪᠣᠯ ᠨᠢᠭᠡ ᠤᠯᠤᠰ ᠪᠠ ᠭᠠᠵᠠᠷ ᠣᠷᠣᠨ ᠤ ᠤᠳᠠᠭᠠᠨ ᠴᠢᠨᠠᠷᠳᠠᠢ | ᠡᠪᠡᠳᠴᠢᠨ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ ᠬᠢᠷᠢ ᠬᠡᠮᠵᠢᠶ᠎ᠡ ᠶᠢ ᠦᠨᠡᠯᠡᠬᠦ ᠴᠢᠬᠤᠯᠠ ᠭᠦᠢᠴᠡᠳᠭᠡᠯ ᠲᠤᠭ᠎ᠠ | ᠪᠣᠯᠤᠨ᠎ᠠ᠃ | ᠲᠠᠨᠢᠯᠴᠠᠭᠤᠯᠤᠭᠰᠠᠨ ᠢᠶᠠᠷ᠂ ᠮᠠᠨ ᠤ ᠤᠯᠤᠰ ᠤᠨ 97% ᠠᠴᠠ ᠳᠡᠭᠡᠭᠰᠢᠬᠢ ᠰᠢᠶᠠᠨ ᠲᠣᠭᠤᠷᠢᠭ ︽ | ᠳᠠᠪᠤᠰᠤ ᠶᠢ ᠪᠠᠭᠠᠰᠬᠠᠬᠤ᠂ ᠲᠣᠰᠣ ᠶᠢ ᠪᠠᠭᠠᠰᠬᠠᠬᠤ᠂ ᠰᠢᠬᠢᠷ ᠢ ᠪᠠᠭᠠᠰᠬᠠᠬᠤ᠂ ᠡᠷᠡᠭᠦᠯ ᠠᠮᠠᠨ ᠬᠥᠨᠳᠡᠶ᠂ ᠡᠷᠡᠭᠦᠯ | ᠪᠡᠶ᠎ᠡ ᠶᠢᠨ ᠬᠦᠨᠳᠦ᠂ ᠡᠷᠡᠭᠦᠯ ᠠᠷᠤᠭ ᠶᠠᠰᠤ︾ ᠪᠠᠷ ᠭᠤᠤᠯ ᠰᠡᠳᠦᠪ ᠪᠣᠯᠭᠠᠭᠰᠠᠨ ᠪᠥᠬᠦ ᠠᠷᠠᠳ ᠤᠨ ᠡᠷᠡᠭᠦᠯ | ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠤᠨ ᠠᠵᠢᠯᠯᠠᠭ᠎ᠠ ᠥᠷᠨᠢᠭᠦᠯᠪᠡ᠃ 2023 ᠣᠨ ᠪᠣᠯᠲᠠᠯ᠎ᠠ᠂ ᠪᠥᠬᠦ | ᠤᠯᠤᠰ ᠲᠤ ᠤᠯᠤᠰ ᠤᠨ ᠤᠳᠠᠭᠠᠨ ᠴᠢᠨᠠᠷᠳᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ | ᠦᠵᠡᠭᠦᠯᠬᠦ ᠣᠷᠣᠨ ᠢ ᠨᠡᠶᠢᠲᠡ 485 ᠪᠠᠶᠢᠭᠤᠯᠵᠤ᠂ ᠰᠢᠶᠠᠨ ᠲᠣᠭᠤᠷᠢᠭ ᠤᠨ ᠪᠦᠷᠬᠦᠴᠡ ᠶᠢᠨ ᠨᠣᠷᠮ᠎ᠠ ᠨᠢᠭᠡᠨᠲᠡ | 17% ᠳᠤ ᠬᠦᠷᠴᠡᠶ᠃ | ᠡᠭᠦᠨ ᠠᠴᠠ ᠭᠠᠳᠠᠨ᠎ᠠ᠂ ᠬᠦᠨᠳᠦ ᠶᠡᠭᠡ ᠤᠳᠠᠭᠠᠨ ᠴᠢᠨᠠᠷᠳᠠᠢ ᠡᠪᠡᠳᠴᠢᠨ ᠢ ᠡᠷᠲᠡ ᠠᠴᠠ ᠰᠢᠭᠰᠢᠨ | ᠪᠠᠶᠢᠴᠠᠭᠠᠬᠤ ᠪᠠ ᠡᠷᠲᠡ ᠠᠴᠠ ᠬᠠᠮᠢᠶᠠᠷᠬᠤ ᠪᠠᠷ ᠭᠠᠷᠳᠠᠬᠤ ᠴᠡᠭ ᠪᠣᠯᠭᠠᠵᠤ᠂ ᠮᠠᠨ ᠤ ᠤᠯᠤᠰ ᠤᠷᠢᠳᠴᠢᠯᠠᠨ | ᠰᠡᠷᠭᠡᠶᠢᠯᠡᠬᠦ᠂ ᠰᠢᠭᠰᠢᠨ ᠪᠠᠶᠢᠴᠠᠭᠠᠬᠤ᠂ ᠣᠨᠣᠰᠢᠯᠠᠬᠤ᠂ ᠡᠮᠨᠡᠨ ᠵᠠᠰᠠᠬᠤ᠂ ᠡᠷᠡᠭᠦᠯᠵᠢᠭᠦᠯᠬᠦ ᠪᠦᠬᠦ ᠶᠠᠪᠤᠴᠠ ᠶᠢᠨ | ᠬᠠᠮᠢᠶᠠᠷᠤᠯᠲᠠ ᠦᠢᠯᠡᠴᠢᠯᠡᠭᠡᠨ ᠤ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠵᠤ᠂ ᠤᠵᠢᠭ ᠡᠪᠡᠳᠴᠢᠨ ᠢ | ᠰᠡᠷᠭᠡᠶᠢᠯᠡᠨ ᠵᠠᠰᠠᠬᠤ ᠪᠣᠭᠤᠮᠲᠠ ᠶᠢ ᠤᠷᠢᠳᠴᠢᠯᠠᠨ ᠲᠤᠬᠢᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠪᠠ᠃ | ᠮᠠᠨ ᠤ ᠤᠯᠤᠰ ᠤᠨ ᠬᠥᠮᠦᠨ ᠠᠮᠠ ᠶᠢᠨ ᠨᠠᠰᠤᠵᠢᠯᠲᠠ᠂ ᠰᠠᠭᠤᠭᠠᠯᠢ ᠠᠷᠠᠳ ᠤᠨ ᠠᠮᠢᠳᠤᠷᠠᠯ ᠤᠨ ᠠᠷᠭ᠎ᠠ | ᠮᠠᠶ᠋ᠢᠭ ᠤᠨ ᠬᠤᠪᠢᠷᠠᠯᠲᠠ ᠶᠢ ᠳᠠᠭᠠᠯᠳᠤᠨ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠥᠮᠡᠨ | ᠡᠪᠡᠳᠴᠢᠨ ᠵᠡᠷᠭᠡ ᠤᠳᠠᠭᠠᠨ ᠴᠢᠨᠠᠷᠳᠠᠢ ᠡᠪᠡᠳᠴᠢᠨ ᠤ ᠡᠭᠦᠰᠭᠦ ᠨᠣᠷᠮ᠎ᠠ ᠶᠡᠷᠦᠩᠬᠡᠶ ᠳᠡᠭᠡᠨ ᠳᠡᠭᠡᠭᠰᠢᠯᠡᠬᠦ | ᠬᠠᠨᠳᠤᠰᠢ ᠲᠠᠢ ᠪᠣᠯᠵᠣ᠂ ᠤᠳᠠᠭᠠᠨ ᠴᠢᠨᠠᠷᠳᠠᠢ ᠡᠪᠡᠳᠴᠢᠨ ᠢᠶᠠᠷ ᠨᠠᠰᠤ ᠪᠠᠷᠠᠭᠰᠠᠨ ᠬᠥᠮᠦᠨ ᠤ ᠲᠤᠭ᠎ᠠ ᠨᠢ ᠰᠠᠭᠤᠭᠠᠯᠢ | ᠠᠷᠠᠳ ᠤᠨ ᠨᠠᠰᠤ ᠪᠠᠷᠠᠭᠰᠠᠨ ᠶᠡᠷᠦᠩᠬᠡᠶ ᠬᠡᠮᠵᠢᠶ᠎ᠡ ᠳᠠᠬᠢ ᠡᠵᠡᠯᠡᠬᠦ ᠬᠠᠷᠢᠴᠠᠯ ᠨᠢ 80% ᠶᠢ ᠳᠠᠪᠠᠭᠰᠠᠨ ᠪᠠᠶᠢᠨ᠎ᠠ᠃ |