| ᠣᠶᠢᠷ᠎ᠠ ᠶᠢᠨ ᠵᠢᠯ ᠳᠤ᠂ ᠵᠠᠯᠠᠶᠢᠳ ᠬᠤᠰᠢᠭᠤ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ | ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ | ᠪᠦᠷᠢᠨ ᠴᠢᠳᠠᠮᠵᠢᠳᠦ ᠺᠠᠷᠲ︾ ᠤᠨ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠵᠦ᠂ ᠪᠠᠩᠬᠢ ᠶᠢᠨ ᠺᠠᠷᠲ ᠪᠤᠯᠤᠨ | ᠨᠡᠶᠢᠭᠡᠮ ᠤᠨ ᠪᠠᠳᠤᠯᠠᠭ᠎ᠠ ᠶᠢᠨ ᠺᠠᠷᠲ ᠶᠢ ᠨᠢᠭᠡᠳᠭᠡᠨ᠂ ᠤᠯᠠᠨ ᠲᠦᠮᠡᠨ ᠳᠤ ᠲᠦᠢᠯ ᠤᠨ ᠲᠦᠬᠦᠮ ᠲᠦᠳᠡ | ᠬᠠᠩᠭᠠᠭᠰᠠᠨ ᠪᠠᠶᠢᠨ᠎ᠠ᠃ | ᠵᠠᠯᠠᠶᠢᠳ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠬᠤᠰᠢᠭᠤᠨ ᠳᠣᠲᠣᠷᠠᠬᠢ ᠨᠡᠶᠢᠭᠡᠮ ᠤᠨ | ᠪᠠᠳᠤᠯᠠᠭ᠎ᠠ ᠶᠢᠨ ᠺᠠᠷᠲ ᠲᠠᠷᠬᠠᠭᠠᠬᠤ 8 ᠪᠠᠩᠬᠢ ᠲᠠᠢ ᠵᠦᠪᠳᠡᠯᠴᠡᠨ᠂ ᠣᠯᠠᠨ ᠲᠦᠮᠡᠨ ᠤ ᠺᠠᠷᠲ ᠰᠣᠯᠢᠬᠤ | ᠬᠡᠷᠡᠭᠴᠡᠭᠡ ᠶᠢ ᠭᠦᠢᠴᠡᠳ ᠬᠠᠩᠭᠠᠵᠦ᠂ ᠡᠭᠦᠨ ᠤ ᠵᠡᠷᠭᠡ ᠪᠠᠷ ᠬᠥᠳᠡᠯᠵᠦ ᠪᠠᠷᠢᠬᠤ ᠳᠤ ᠳᠥᠭᠦᠮ ᠦᠭᠡᠢ ᠤᠯᠠᠨ | ᠲᠦᠮᠡᠨ ᠳᠤ ᠴᠢᠭᠯᠡᠬᠦᠯᠦᠨ᠂ ᠨᠠᠮ ᠤᠨ ᠭᠡᠰᠢᠬᠦᠨ ᠺᠠᠳ᠋ᠷᠴᠤᠳ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ | ᠦᠢᠯᠡᠴᠢᠯᠡᠭᠡ ᠬᠠᠩᠭᠠᠪᠠ᠃ | ︽ᠪᠢ ᠨᠠᠰᠤ ᠠᠬᠠᠰᠢᠷᠠᠭᠠᠳ ᠭᠠᠳᠠᠭᠰᠢ ᠭᠠᠷᠬᠤ ᠳᠤ ᠳᠥᠭᠦᠮ ᠦᠭᠡᠶ ᠪᠤᠯᠵᠠᠢ᠂ ᠬᠡᠦᠬᠡᠳ ᠤᠳ ᠪᠠᠰᠠ | ᠭᠠᠳᠠᠨ᠎ᠠ ᠭᠠᠵᠠᠷ ᠤᠷᠤᠨ ᠢᠶᠠᠷ ᠬᠥᠯᠥᠰᠥᠨ ᠠᠵᠢᠯ ᠬᠢᠵᠦ ᠪᠠᠶᠢᠭ᠎ᠠ ᠪᠣᠯᠬᠤᠷ ᠮᠢᠨᠦ ᠨᠡᠶᠢᠭᠡᠮ ᠤᠨ ᠲᠠᠭᠠᠳᠬᠠᠯ ᠤᠨ | ᠺᠠᠷᠲ ᠢᠶᠠᠨ ᠬᠡᠷᠡᠭᠯᠡᠭᠡ ᠦᠭᠡᠢ ᠪᠠᠶᠢᠭᠰᠠᠭᠠᠷ ᠶᠤᠮ᠃ ᠡᠨᠡ ᠪᠠᠶᠢᠳᠠᠯ ᠳᠤ ᠴᠢᠭᠯᠡᠬᠦᠯᠵᠦ ᠨᠠᠮ ᠵᠠᠰᠠᠭ ᠤᠨ ᠲᠤᠰᠬᠠᠢ | ᠠᠵᠢᠯᠳᠡᠳ ᠮᠢᠨᠦ ᠡᠬᠦᠳᠡᠨ ᠳᠤ ᠢᠷᠡᠵᠦ ᠨᠡᠶᠢᠭᠡᠮ ᠤᠨ ᠪᠠᠳᠤᠯᠠᠭ᠎ᠠ ᠶᠢᠨ ᠺᠠᠷᠲ ᠢᠶᠠᠷ ᠤᠯᠤᠰ ᠤᠨ ᠨᠦᠬᠦᠪᠦᠷᠢ | ᠮᠦᠡᠭᠬᠦ ᠶᠢ ᠭᠠᠷᠭᠠᠵᠦ ᠠᠪᠬᠤ ᠭᠠᠷᠳᠠᠮ ᠢ ᠰᠠᠶᠢᠳᠤᠷ ᠬᠦᠢᠴᠡᠳᠭᠡᠵᠦ ᠦᠭᠬᠦᠭᠰᠡᠨ ᠪᠠᠶᠢᠨ᠎ᠠ︾ ᠭᠡᠵᠦ ᠪᠠᠶ᠋ᠬᠠᠤᠯᠠᠭᠠᠨ | ᠰᠤᠮᠦ ᠶᠢᠨ ᠪᠠᠶ᠋ᠬᠠᠤᠯᠠᠭᠠᠨ ᠭᠠᠴᠠᠭ᠎ᠠ ᠶᠢᠨ ᠪᠤᠤ ᠲᠢᠶᠧ ᠵᠤ᠋ ᠪᠠᠶᠠᠷᠯᠠᠨ ᠬᠡᠯᠡᠨ᠎ᠠ᠃ | ︽ᠪᠦᠷᠢᠨ ᠴᠢᠳᠠᠮᠵᠢᠳᠦ ᠺᠠᠷᠲ︾ ᠶᠢ ᠳᠥᠯᠭᠢᠨ ᠠᠬᠢᠭᠤᠯᠬᠤ ᠶᠠᠪᠤᠴᠠ ᠳᠤ᠂ ᠵᠠᠯᠠᠶᠢᠳ ᠬᠤᠰᠢᠭᠤᠨ ᠤ | ᠡᠳ᠋ ᠤᠨ ᠵᠠᠰᠠᠭ ᠤᠨ ᠲᠣᠪᠴᠢᠶ᠎ᠠ ᠪᠠᠰᠠ ᠨᠥᠬᠦᠪᠥᠷᠢ ᠮᠦᠩᠬᠦ ᠶᠢ ᠬᠠᠮᠢᠶᠠᠷᠬᠤ ᠰᠠᠯᠠᠭ᠎ᠠ ᠮᠥᠴᠢᠷ᠂ ᠰᠤᠮᠤ ᠰᠢᠶᠠᠩ | ᠪᠠᠯᠭᠠᠰᠤ᠂ ᠣᠷᠣᠯᠠᠨ ᠲᠠᠷᠬᠠᠭᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠨᠢᠭᠡᠳᠦᠯᠲᠡᠶ ᠵᠤᠬᠢᠴᠠᠭᠤᠯᠵᠦ᠂ | ᠨᠡᠶᠢᠭᠡᠮ ᠤᠨ ᠳᠠᠭᠠᠳᠬᠠᠯ ᠤᠨ ᠺᠠᠷᠲ ᠤᠨ ᠳᠡᠩᠰᠡᠯᠡᠯᠲᠡ ᠶᠢᠨ ᠶᠠᠪᠤᠴᠠ ᠳᠠᠬᠢ ᠨᠡᠶᠢᠲᠡᠴᠢ ᠴᠢᠨᠠᠷᠲᠠᠶ ᠠᠰᠠᠭᠤᠳᠠᠯ ᠢ | ᠡᠮᠬᠢᠯᠡᠨ ᠳᠢᠭᠯᠡᠵᠦ᠂ ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ᠂ ᠪᠥᠬᠦ ᠬᠦᠴᠦᠨ ᠢᠶᠠᠷ ᠢᠶᠠᠨ | ᠰᠶᠢᠳᠪᠦᠷᠢᠯᠡᠬᠦ ᠶᠢ ᠳᠥᠯᠭᠢᠨ ᠠᠬᠢᠭᠤᠯᠪᠠ᠃ | ᠤᠶᠢᠯᠠᠭᠠᠭᠰᠠᠨ ᠢ ᠦᠨᠳᠦᠰᠦᠯᠡᠪᠡᠯ᠄ 8 ᠰᠠᠷ᠎ᠠ ᠶᠢᠨ ᠳᠤᠮᠳᠠᠴᠢ ᠪᠣᠯᠲᠠᠯ᠎ᠠ᠂ ᠵᠠᠯᠠᠶᠢᠳ ᠬᠤᠰᠢᠭᠤᠨ ᠤ ︽ | ᠪᠦᠷᠢᠨ ᠴᠢᠳᠠᠮᠵᠢᠳᠦ ᠺᠠᠷᠲ︾ ᠪᠤᠯᠬᠤ ᠨᠡᠶᠢᠭᠡᠮ ᠤᠨ ᠪᠠᠳᠤᠯᠠᠭ᠎ᠠ ᠶᠢᠨ ᠺᠠᠷᠲ ᠢ 114370 ᠲᠠᠩᠰᠠᠯᠠᠨ | ᠲᠡᠮᠳᠡᠭᠯᠡᠵᠦ᠂ ᠳᠠᠩᠰᠠᠯᠠᠭᠤᠯᠤᠭᠰᠠᠨ ᠨᠣᠷᠮ᠎ᠠ ᠨᠢ 97.84% ᠳᠤ ᠬᠦᠷᠴᠡᠶ᠃ ᠡᠨᠡ ᠵᠢᠯ᠂ ᠵᠠᠯᠠᠶᠢᠳ ᠬᠤᠰᠢᠭᠤᠨ ᠤ | ᠡᠳ᠋ ᠤᠨ ᠵᠠᠰᠠᠭ ᠤᠨ ᠲᠣᠪᠴᠢᠶ᠎ᠠ ᠨᠢ ᠪᠠᠰᠠ ᠨᠢᠭᠡᠨᠲᠡ ︽ᠪᠦᠷᠢᠨ ᠴᠢᠳᠠᠮᠵᠢᠳᠦ ᠺᠠᠷᠲ︾ ᠢᠶᠠᠷ ᠠᠷᠠᠳ ᠲᠤ ᠠᠰᠢᠭ | ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠮᠥᠩᠭᠦ 7.75 ᠳ᠋ᠦᠩᠰᠢᠭᠤᠷ ᠲᠥᠭᠦᠷᠢᠭ | ᠲᠠᠷᠬᠠᠭᠠᠵᠤ᠂ ᠨᠦᠬᠦᠪᠦᠷᠢ ᠮᠦᠩᠬᠦ ᠨᠢ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠨᠥᠬᠦᠪᠥᠷᠢ᠂ ᠬᠠᠷ᠎ᠠ ᠬᠥᠷᠥᠰᠥ ᠶᠢ | ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠨᠥᠬᠦᠪᠥᠷᠢ᠂ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ | ᠠᠪᠬᠤ ᠨᠥᠬᠦᠪᠥᠷᠢ᠂ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠨᠥᠬᠦᠪᠥᠷᠢ᠂ ᠨᠤᠲᠤᠭ | ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ᠂ ᠮᠠᠯᠵᠢᠬᠤ ᠲᠠᠷᠢᠶᠠᠯᠠᠬᠤ ᠤᠷᠤᠨ ᠤ | ᠬᠠᠮᠤᠭ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠨᠦᠬᠦᠪᠦᠷᠢ ᠪᠠ ᠪᠠᠶᠢᠭᠠᠯᠢ ᠶᠢᠨ ᠭᠠᠮᠰᠢᠭ ᠠᠴᠠ | ᠪᠤᠯᠤᠭᠰᠠᠨ ᠠᠮᠢᠳᠤᠷᠠᠯ ᠤᠨ ᠠᠪᠤᠷᠠᠨ ᠲᠤᠰᠠᠯᠠᠯᠳᠠ ᠵᠡᠷᠭᠡ 8 ᠬᠦᠷᠢᠶᠡᠨ ᠤ 35 ᠲᠦᠷᠦᠯ ᠵᠦᠢᠯ ᠳᠤ ᠬᠤᠯᠪᠤᠭᠳᠠᠵᠦ | ᠂ ᠠᠰᠢᠭ ᠬᠦᠷᠳᠡᠭᠡᠭᠰᠡᠨ ᠬᠡᠮᠵᠢᠶ᠎ᠡ 88.6 ᠲᠦᠮᠡ ᠭᠠᠷᠤᠢ ᠬᠦᠮᠦᠨ ᠤᠳᠠᠭ᠎ᠠ ᠳᠤ ᠬᠦᠷᠴᠡᠢ᠃ ︵ᠵᠠᠩ ᠰᠢᠨ ᠶᠠᠩ︶ | | |