ᠨᠠᠮ ᠤᠨ ᠬᠠᠶᠢᠷ᠎ᠠ ᠬᠠᠯᠠᠮᠵᠢ ᠶᠢ ᠡᠮᠡᠭᠲᠡᠶᠢᠴᠦᠳ ᠲᠤ ᠬᠦᠷᠭᠡᠯ᠎ᠡ 
ᠨᠡᠶᠢᠲᠡᠯᠡᠭᠰᠡᠨ ᠴᠠᠭ᠄
2024/11/1
     ᠡᠮᠡᠭᠲᠡᠶᠢᠴᠦᠳ ᠤᠨ ᠬᠦᠬᠦᠨ ᠪᠤᠯᠴᠢᠷᠬᠠᠢ ᠶᠢᠨ ᠦᠮᠡᠨ ᠪᠤᠯᠤᠨ ᠰᠠᠪᠠᠨ ᠬᠦᠵᠦᠭᠦᠦ ᠶᠢᠨ ᠦᠮᠠᠨ ᠪᠤᠯᠬᠤ ︽ᠬᠤᠶᠠᠷ ᠥᠮᠡᠨ︾ ᠢ ᠡᠮᠨᠡᠨ ᠵᠠᠰᠠᠬᠤ ᠠᠵᠤ ᠠᠬᠤᠶ ᠶᠢᠨ ᠳᠠᠷᠤᠯᠲᠠ ᠪᠠ ᠣᠶᠤᠨ ᠰᠠᠨᠠᠭᠠᠨ ᠤ ᠳᠠᠷᠤᠯᠲᠠ ᠶᠢ ᠦᠨᠡᠨ ᠬᠦ ᠬᠥᠩᠭᠡᠷᠡᠭᠦᠯᠵᠤ᠂ ᠨᠠᠮ ᠤᠨ ᠬᠠᠶᠢᠷ᠎ᠠ ᠬᠠᠯᠠᠮᠵᠢ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠣᠷᠣᠯᠭ᠎ᠠ ᠪᠠᠭᠠᠲᠠᠶ ᠡᠮᠡᠭᠲᠡᠶᠢᠴᠦᠳ ᠤᠨ ᠭᠠᠷ ᠲᠤ ᠬᠦᠷᠭᠡᠵᠦ᠂ ᠶᠠᠳᠠᠭᠤ ᠬᠦᠴᠢᠷᠳᠡᠯᠲᠡᠶ ᠡᠮᠡᠭᠲᠡᠶᠢᠴᠦᠳ ᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠪᠠᠷ ᠣᠶᠢᠷ᠎ᠠ ᠳᠤ᠂  ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤᠨ ᠤ ᠡᠮᠡᠭᠲᠡᠶᠢᠴᠦᠳ ᠤᠨ ᠬᠤᠯᠪᠤᠭ᠎ᠠ ︽ᠬᠤᠶᠠᠷ ᠥᠮᠡᠨ︾  ᠡᠪᠡᠳᠴᠢᠨ ᠳᠤ ᠨᠡᠷᠪᠡᠭᠳᠡᠭᠰᠡᠨ ᠬᠡᠷ ᠪᠦᠯᠢ ᠶᠢ ᠲᠣᠬᠤᠨᠢᠭᠤᠯᠵᠤ᠂ ᠲᠤᠤᠷ᠎ᠠ ᠤᠷᠤᠯᠭ᠎ᠠ ᠲᠠᠢ᠂ ᠠᠮᠢᠳᠤᠷᠠᠯ ᠨᠢ ᠬᠦᠴᠢᠷᠳᠡᠯᠲᠡᠢ ᠡᠮᠡᠭᠲᠡᠶᠢᠴᠦᠳ ᠲᠤ ︽ᠬᠤᠶᠠᠷ ᠥᠮᠡᠨ︾ ᠤ ᠠᠪᠤᠷᠠᠨ ᠲᠤᠰᠠᠯᠠᠬᠤ ᠪᠡᠯᠡ ᠮᠥᠩᠭᠦ ᠲᠠᠷᠬᠠᠭᠠᠵᠤ᠂ ︽ᠬᠤᠶᠠᠷ ᠥᠮᠡᠨ︾ ᠤ ᠡᠮᠡᠭᠲᠡᠢ ᠡᠪᠡᠳᠴᠢᠲᠡᠨ ᠳᠤ ᠬᠠᠶᠢᠷ᠎ᠠ ᠬᠠᠯᠠᠮᠵᠢ ᠬᠦᠷᠭᠡᠪᠡ᠃
     ᠲᠤᠬᠤᠨᠢᠭᠤᠯᠬᠤ ᠲᠤᠮᠳᠠ᠂ ᠪᠠᠯᠭᠠᠰᠤᠨ ᠤ ᠡᠮᠡᠭᠲᠡᠶᠢᠴᠦᠳ ᠤᠨ ᠬᠤᠯᠪᠤᠭ᠎ᠠ ᠲᠤᠰᠠᠯᠠᠮᠵᠢ ᠭᠥᠷᠳᠡᠭᠰᠡᠨ ᠡᠮᠡᠭᠲᠡᠶᠢᠴᠦᠳ ᠤᠨ ᠬᠡᠷ ᠪᠦᠯᠢ ᠶᠢᠨ ᠪᠠᠶᠢᠳᠠᠯ ᠵᠢᠴᠢ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠭᠦᠨ ᠤ ᠬᠦᠴᠢᠷᠳᠡᠯ ᠪᠠ ᠬᠡᠷᠡᠭᠴᠡᠭᠡ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠣᠨᠣᠰᠴᠤ᠂  ᠲᠠᠳᠠᠨᠠᠷ ᠢ ᠢᠲᠡᠭᠡᠯ ᠵᠣᠷᠢᠭ ᠢᠶᠠᠨ ᠬᠥᠪᠴᠢᠯᠡᠵᠦ᠂ ᠡᠮᠴᠢᠯᠡᠭᠡ ᠳᠤ ᠢᠳᠡᠪᠬᠢᠲᠡᠶ ᠬᠠᠮᠵᠢᠯᠴᠠᠨ᠂ ᠡᠷᠲᠡᠬᠡᠨ ᠡᠷᠡᠭᠦᠯᠵᠢᠬᠦ ᠪᠠᠷ ᠴᠢᠷᠮᠠᠶᠢᠬᠤ ᠶᠢ ᠵᠣᠷᠢᠭᠵᠢᠭᠤᠯᠪᠠ᠃    
 
ᠢᠷᠡᠯᠲᠡ᠄ ᠲᠡᠮᠡᠭᠡᠴᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号