ᠡᠨᠡ ᠡᠪᠤᠯ ᠲᠤᠯᠠᠭᠠᠨ ᠡᠪᠤᠯ ᠪᠤᠯᠬᠤ ᠨᠢ ᠤᠤ︖
ᠨᠡᠶᠢᠲᠡᠯᠡᠭᠰᠡᠨ ᠴᠠᠭ᠄
2024/11/1
    ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠤᠶᠢᠯᠠᠭᠠᠬᠰᠡᠨ ᠢᠶᠠᠷ᠂ ᠡᠨᠡ ᠡᠪᠦᠯ ︵2024 ᠣᠨ ᠤ 12 ᠰᠠᠷ᠎ᠠ ᠠᠴᠠ 2025 ᠣᠨ ᠤ 2 ᠰᠠᠷ᠎ᠠ ᠪᠣᠯᠲᠠᠯ᠎ᠠ︶᠂ ᠪᠥᠬᠦ ᠤᠯᠤᠰ ᠤᠨ ᠶᠡᠬᠡᠩᠬᠢ ᠭᠠᠵᠠᠷ ᠣᠷᠣᠨ ᠤ ᠠᠭᠠᠷ ᠤᠨ ᠳᠤᠯᠠᠭᠠᠨ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠥᠨᠳᠥᠷ ᠰᠢᠭ ᠪᠠᠶᠢᠨ᠎ᠡ᠃ ᠬᠡᠪᠡᠴᠦ ᠡᠪᠦᠯ ᠤᠨ ᠤᠯᠠᠷᠢᠯ ᠳᠤ ᠵᠡᠭᠦᠨ ᠬᠤᠶᠢᠲᠤ ᠣᠷᠣᠨ ᠤ ᠳᠤᠮᠳᠠ ᠪᠠ ᠬᠤᠶᠢᠲᠤ ᠬᠡᠰᠡᠭ᠂ ᠥᠪᠥᠷ ᠮᠣᠩᠭᠤᠯ ᠤᠨ ᠶᠡᠬᠡᠩᠬᠢ ᠬᠡᠰᠡᠭ᠂ ᠪᠠᠷᠠᠭᠤᠨ ᠬᠤᠶᠢᠲᠤ ᠣᠷᠣᠨ ᠤ ᠳᠤᠮᠳᠠ ᠪᠠ ᠵᠡᠭᠦᠨ ᠬᠡᠰᠡᠭ᠂ ᠰᠢᠨᠵᠢᠶᠠᠩ ᠤᠨ ᠬᠤᠶᠢᠲᠤ ᠬᠡᠰᠡᠭ ᠵᠡᠷᠭᠡ ᠭᠠᠵᠠᠷ ᠲᠤ ᠱᠠᠲᠤᠴᠢ ᠴᠢᠨᠠᠷᠲᠠᠢ ᠰᠢᠷᠦᠬᠦᠨ ᠴᠠᠰᠤ ᠣᠷᠣᠵᠤ ᠮᠡᠳᠡᠨ᠎ᠡ᠃     ᠲᠠᠷᠢᠶᠠᠯᠠᠩ ᠤᠨ ᠰᠠᠯᠠᠭ᠎ᠠ ᠮᠥᠴᠢᠷ ᠠᠴᠠ᠂ ᠲᠥᠬᠦᠭᠡᠷᠦᠮᠵᠢᠲᠦ ᠲᠠᠷᠢᠶᠠᠯᠠᠩ ᠪᠣᠯᠣᠨ ᠮᠠᠯ ᠠᠵᠤ ᠠᠬᠤᠢ ᠶᠢᠨ ᠬᠥᠯᠳᠡᠬᠦ ᠭᠠᠮᠰᠢᠭ᠂ ᠴᠠᠰᠤᠨ ᠵᠤᠳ ᠪᠣᠯᠣᠨ ᠶᠡᠭᠡ ᠰᠠᠯᠬᠢᠨ ᠤ ᠭᠠᠮᠰᠢᠭ ᠢ ᠰᠡᠷᠭᠡᠶᠢᠯᠡᠬᠦ ᠠᠵᠢᠯ ᠢ ᠴᠢᠩᠭᠠᠳᠬᠠᠬᠤ ᠬᠡᠷᠡᠭᠳᠡᠢ ᠬᠡᠵᠦ ᠰᠠᠨᠠᠭᠤᠯᠵᠠᠢ᠃     ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠳ ᠳᠡᠭᠡᠷ᠎ᠡ ᠳᠤᠷᠠᠳᠤᠭᠰᠠᠨ ᠭᠠᠵᠠᠷ ᠣᠷᠣᠨ ᠤ ᠳᠣᠣᠷ᠎ᠠ ᠳᠤᠯᠠᠭᠠᠨ ᠰᠢᠷᠦᠭᠦᠨ ᠴᠠᠰᠤ ᠶᠡᠭᠡ ᠰᠠᠯᠬᠢᠨ ᠤ ᠭᠠᠮᠰᠢᠭ ᠤᠨ ᠲᠦᠭᠰᠢᠭᠦᠷᠢ ᠶᠢᠨ ᠪᠡᠯᠡᠳᠬᠡᠯ ᠲᠥᠰᠥᠯ ᠢ ᠰᠠᠶᠢᠲᠤᠷ ᠬᠢᠵᠦ᠂ ᠬᠠᠮᠢᠶ᠎ᠠ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠳ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠯᠡᠨ ᠮᠥᠰᠥ ᠠᠷᠢᠯᠭᠠᠬᠤ᠂ ᠵᠠᠮ ᠤᠨ ᠴᠠᠰᠤ ᠠᠷᠢᠯᠭᠠᠬᠤ ᠵᠡᠷᠭᠡ ᠠᠵᠢᠯ ᠢ ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ ᠬᠡᠵᠦ ᠰᠠᠨᠠᠭᠤᠯᠪᠠ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号