ᠰᠣᠷᠣᠭᠴᠢᠳ ᠢ ᠲᠤᠰᠠᠯᠠᠬᠤ ᠨᠥᠬᠦᠪᠦᠷᠢ ᠶᠢ ᠪᠠᠭᠤᠯᠭᠠᠪᠠ
ᠨᠡᠶᠢᠲᠡᠯᠡᠭᠰᠡᠨ ᠴᠠᠭ᠄
2024/11/1
    10 ᠰᠠᠷ᠎ᠠ ᠶᠢᠨ 30 ᠤ ᠡᠳᠤᠷ᠂ ᠡᠳ᠋ ᠤᠨ ᠵᠠᠰᠠᠭ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ ᠬᠠᠮᠲᠤᠷᠠᠨ ︽2024 ᠣᠨ ᠤ ᠰᠣᠷᠣᠭᠴᠢᠳ ᠢ ᠲᠤᠰᠠᠯᠠᠬᠤ ᠨᠥᠬᠦᠪᠦᠷᠢ ᠶᠢᠨ ᠵᠠᠷᠤᠳᠠᠯ ᠤᠨ ᠲᠥᠰᠥᠪ ᠢ ᠪᠠᠭᠤᠯᠭᠠᠬᠤ ᠲᠤᠬᠠᠢ ᠮᠡᠳᠡᠭᠳᠡᠯ︾ ᠢ ᠨᠡᠶᠢᠲᠡᠯᠡᠵᠦ᠂ 2024 ᠣᠨ ᠤ ᠰᠣᠷᠣᠭᠴᠢᠳ ᠢ ᠲᠤᠰᠠᠯᠠᠬᠤ ᠨᠥᠬᠦᠪᠦᠷᠢ ᠶᠢᠨ ᠵᠠᠷᠤᠳᠠᠯ ᠤᠨ ᠲᠥᠰᠥᠪ ᠢ ᠪᠠᠭᠤᠯᠭᠠᠵᠦ᠂ ᠲᠥᠰᠥᠪ ᠤᠨ ᠪᠥᠬᠦ ᠵᠣᠭᠤᠰ ᠤᠨ ᠲᠤᠭ᠎ᠠ 317038 ᠲᠦᠮᠡᠨ ᠲᠥᠭᠦᠷᠢᠭ ᠲᠤ ᠬᠦᠷᠴᠡᠢ᠃      ᠮᠡᠳᠡᠭᠳᠡᠯ ᠳᠤ᠂ ᠡᠯ᠎ᠡ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠨᠤᠭᠤᠳ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠷᠭ᠎ᠠ ᠶᠢᠨ ᠲᠣᠭᠲᠠᠭᠠᠯ ᠶᠣᠰᠣᠭᠠᠷ᠂ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠤᠦᠯ ᠤᠨ ᠱᠠᠩᠨᠠᠯ ᠤᠨ ᠣᠷᠣᠨ ᠲᠤᠭ᠎ᠠ ᠪᠠ ᠲᠣᠰ ᠤᠳᠠᠭᠠᠨ ᠤ ᠰᠢᠨ᠎ᠡ ᠪᠠᠷ ᠨᠡᠮᠡᠭᠳᠡᠭᠰᠡᠨ ᠱᠠᠩᠨᠠᠯ ᠤᠨ ᠣᠷᠣᠨ ᠲᠤᠭ᠎ᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠪᠤᠰᠤᠳ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠣᠷᠣᠨ ᠲᠤᠭ᠎ᠠ ᠶᠢ ᠬᠤᠪᠢᠶᠠᠷᠢᠯᠠᠬᠤ᠂ ᠬᠢᠨᠠᠨ ᠲᠣᠭᠲᠠᠭᠠᠬᠤ ᠪᠠ ᠨᠦᠬᠦᠪᠤᠷᠢ ᠣᠯᠭᠤᠬᠤ ᠠᠵᠢᠯ ᠢ ᠨᠢᠭᠡᠳᠦᠯᠲᠡᠢ ᠲᠥᠯᠥᠪᠯᠡᠨ᠂ ᠡᠯ᠎ᠡ ᠲᠥᠷᠥᠯ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠡᠭᠦᠨ ᠤ ᠬᠠᠮᠲᠤ᠂ ᠰᠣᠷᠣᠭᠴᠢᠳ ᠢ ᠲᠤᠰᠠᠯᠠᠬᠤ ᠨᠥᠬᠦᠪᠦᠷᠢ ᠶᠢᠨ ᠵᠠᠷᠤᠳᠠᠯ ᠢ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ᠂ ᠠᠷᠭᠠᠳᠡᠨ ᠠᠪᠬᠤ ᠵᠡᠷᠭᠡ ᠦᠢᠯᠡ ᠠᠵᠢᠯᠯᠠᠭ᠎ᠠ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠶᠢᠳᠪᠦᠷᠢᠯᠡᠬᠦ ᠬᠡᠷᠡᠭᠳᠡᠢ ᠬᠡᠵᠦ ᠱᠠᠭᠠᠷᠳᠠᠪᠠ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号