| | 1 — 7 ᠰᠠᠷ᠎ᠠ ᠳᠤ᠂ ᠪᠥᠬᠦ ᠠᠶᠢᠮᠠᠭ ᠤᠨ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠡᠶᠢᠲᠡ | 43.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.4% ᠪᠠᠷ | ᠨᠡᠮᠡᠭᠳᠡᠵᠡᠶ᠃ ᠡᠭᠦᠨ ᠳᠤ᠂ 7 ᠰᠠᠷ᠎ᠠ ᠳᠤ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 6.0 ᠳ᠋ᠦᠩᠰᠢᠭᠤᠷ | ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.3% ᠪᠠᠷ ᠨᠡᠮᠡᠭᠳᠡᠨ᠂ ᠨᠡᠮᠡᠭᠳᠡᠯ ᠤᠨ | ᠬᠤᠷᠳᠤᠴᠠ ᠨᠢ ᠲᠦᠷᠦᠭᠦᠤ ᠰᠠᠷ᠎ᠠ ᠶᠢᠨ ᠬᠢ ᠠᠴᠠ 14.1 ᠵᠠᠭᠤᠨ ᠤ ᠨᠢᠭᠡᠴᠢ ᠳᠡᠭᠡᠭᠰᠢᠯᠡᠵᠡᠶ᠃ | ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ | ᠬᠡᠮᠵᠢᠶ᠎ᠡ 2.4 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.3% ᠪᠠᠷ | ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 26.4 ᠳ᠋ᠦᠩᠰᠢᠭᠤᠷ ᠺᠢᠯᠣᠸᠠᠲ | ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.9% ᠪᠠᠷ ᠨᠡᠮᠡᠭᠳᠡᠪᠡ︔ ᠭᠤᠷᠪᠠᠳᠤᠭᠠᠷ ᠠᠵᠤ | ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 7.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 18.0% ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ | ᠬᠡᠷᠡᠭᠯᠡᠭᠰᠡᠨ ᠴᠠᠬᠢᠯᠭᠠᠨ ᠤ ᠬᠡᠮᠵᠢᠶ᠎ᠡ 7.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 7.4% ᠨᠡᠮᠡᠭᠳᠡᠪᠡ᠃ | ᠭᠠᠵᠠᠷ ᠣᠷᠣᠨ ᠬᠤᠪᠢᠶᠠᠵᠤ ᠦᠵᠡᠪᠡᠯ᠂ ᠪᠣᠶ ᠪᠥᠬᠦᠶ ᠭᠠᠵᠠᠷ ᠣᠷᠣᠨ ᠳᠤ ᠴᠥᠮ ᠠᠳᠠᠯᠢ ᠪᠤᠰᠤ ᠬᠡᠮᠵᠢᠶ᠎ᠡ ᠪᠠᠷ | ᠨᠡᠮᠡᠭᠳᠡᠵᠦ ᠪᠠᠶᠢᠨ᠎ᠠ᠃ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠵᠠᠯᠠᠶᠢᠳ ᠬᠤᠰᠢᠭᠤ᠂ | ᠷᠠᠰᠢᠶᠠᠨ ᠬᠤᠲᠠ᠂ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠣᠰ ᠲᠣᠰ ᠠᠳᠠᠯᠢ | ᠬᠤᠭᠤᠴᠠᠭᠠᠨ ᠤ ᠬᠢ ᠠᠴᠠ 22.7%᠂ 13.5%᠂ 10.4%᠂ 8.4%᠂ 6.1%᠂ 2.1% ᠪᠠᠷ | ᠨᠡᠮᠡᠭᠳᠡᠪᠡ᠃ |