| ᠰᠤᠷᠪᠤᠯᠵᠢᠯᠠᠭᠴᠢ ᠶᠢᠨ ᠤᠶᠢᠯᠠᠭᠠᠭᠰᠠᠨ ᠢᠶᠠᠷ᠂ 2024 ᠣᠨ ᠤ ᠳᠣᠣᠷ᠎ᠠ ᠬᠠᠭᠠᠰ ᠵᠢᠯ ᠤᠨ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ︵ᠪᠢᠷ ᠤᠨ ᠰᠢᠯᠭᠠᠯᠲᠠ︶ ᠶᠢᠨ ᠬᠢᠷᠢ ᠪᠦᠲᠦᠮᠵᠢ ᠶᠢ 11 | ᠰᠠᠷ᠎ᠠ ᠶᠢᠨ 8 ᠤ ᠡᠳᠦᠷ ᠤᠨ 10 ᠴᠠᠭ ᠲᠤ ᠨᠡᠶᠢᠲᠡᠯᠡᠪᠡ᠃ ᠠᠰᠠᠭᠤᠨ ᠯᠠᠪᠯᠠᠬᠤ ᠠᠷᠭ᠎ᠠ ᠮᠠᠶ᠋ᠢᠭ ᠨᠢ ᠳᠤᠮᠳᠠᠳᠤ | ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠰᠦᠯᠵᠢᠶ᠎ᠡ᠂ ᠳᠤᠮᠳᠠᠳᠤ ᠤᠯᠤᠰ ᠤᠨ ᠰᠤᠷᠭᠠᠨ | ᠬᠥᠮᠦᠵᠢᠯ ᠤᠨ ᠰᠢᠯᠭᠠᠯᠲᠠ ᠶᠢᠨ ᠰᠦᠯᠵᠢᠶᠡᠨ ᠤ ᠵᠢᠷᠬᠢᠶ᠎ᠠ ᠶᠢᠨ ᠵᠢᠵᠢᠭ ᠫᠷᠣᠭ᠍ᠷᠠᠮ᠂ ᠳᠤᠮᠳᠠᠳᠤ ᠤᠯᠤᠰ ᠤᠨ ᠰᠤᠷᠭᠠᠨ | ᠬᠥᠮᠦᠵᠢᠯ ᠤᠨ ᠰᠢᠯᠭᠠᠯᠲᠠ ᠶᠢᠨ ᠰᠦᠯᠵᠢᠶᠡᠨ ᠤ ᠪᠠᠢ ᠳᠤ ᠵᠢᠵᠢᠭ ᠫᠷᠣᠭ᠍ᠷᠠᠮ᠂ ᠳᠤᠮᠳᠠᠳᠤ ᠤᠯᠤᠰ ᠤᠨ ᠰᠤᠷᠭᠠᠨ | ᠬᠥᠮᠦᠵᠢᠯ ᠤᠨ ᠰᠢᠯᠭᠠᠯᠲᠠ ᠶᠢᠨ ᡁᠢ ᠹᠦ᠋ ᠪᠤᠤ ᠲᠣᠭᠠᠴᠠᠭ᠎ᠠ ᠬᠢᠬᠦ ᠵᠢᠵᠢᠭ ᠫᠷᠣᠭ᠍ᠷᠠᠮ ᠠᠴᠠ ᠠᠰᠠᠭᠤᠨ ᠯᠠᠪᠯᠠᠵᠤ | ᠪᠤᠯᠤᠨ᠎ᠠ᠃ | ᠮᠠᠨ ᠤ ᠤᠷᠤᠨ ᠤ ᠲᠣᠰ ᠤᠳᠠᠭᠠᠨ ᠤ ᠪᠢᠷ ᠤᠨ ᠰᠢᠯᠭᠠᠯᠲᠠ ᠳᠤ ᠣᠷᠣᠯᠴᠠᠭᠰᠠᠨ ᠰᠢᠯᠭᠠᠭᠤᠯᠤᠭᠴᠢ ᠬᠡᠷᠪᠡ | ᠬᠤᠪᠢ ᠬᠥᠮᠥᠨ ᠤ ᠬᠢᠷᠢ ᠪᠦᠲᠦᠮᠵᠢ ᠳᠤ ᠪᠠᠨ ᠣᠨᠳᠣᠣ ᠰᠠᠨᠠᠯ ᠲᠠᠢ ᠪᠠᠶᠢᠪᠠᠯ᠂ 11 ᠰᠠᠷ᠎ᠠ ᠶᠢᠨ 8 — 17 ᠤ | ᠡᠳᠦᠷ ᠤᠨ 17 ᠴᠠᠭ ᠪᠤᠯᠳᠠᠯ᠎ᠠ᠂ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ | ᠰᠦᠯᠵᠢᠶ᠎ᠡ ᠶᠢᠨ ︽ᠪᠠᠭᠰᠢ ᠶᠢᠨ ᠬᠢᠷᠢ ᠬᠡᠮ ᠤᠨ ᠰᠢᠯᠭᠠᠯᠲᠠ︾ ᠪᠤᠯᠤᠩ ᠳᠠᠬᠢ ︽ᠪᠠᠭᠰᠢ ᠶᠢᠨ ᠬᠢᠷᠢ ᠬᠡᠮ ᠤᠨ | ᠰᠢᠯᠭᠠᠯᠲᠠ ︵ᠪᠢᠷ ᠤᠨ ᠰᠢᠯᠭᠠᠯᠲᠠ︶ ᠶᠢᠨ ᠬᠢᠷᠢ ᠪᠦᠲᠦᠮᠵᠢ ᠶᠢ ᠳᠠᠬᠢᠨ ᠬᠢᠨᠠᠬᠤ ᠰᠢᠰᠲ᠋ᠧᠮ︾ ᠢᠶᠠᠷ ᠳᠡᠮᠵᠢᠨ ᠬᠢᠷᠢ | ᠪᠦᠲᠦᠮᠵᠢ ᠪᠠᠨ ᠳᠠᠬᠢᠨ ᠬᠢᠨᠠᠭᠤᠯᠬᠤ ᠭᠤᠶᠤᠴᠢᠯᠠᠯ ᠳᠡᠪᠰᠢᠭᠦᠯᠵᠦ ᠪᠣᠯᠬᠤ ᠪᠥᠭᠡᠳ 11 ᠰᠠᠷ᠎ᠠ ᠶᠢᠨ 22 ᠤᠨ | ᠡᠳᠦᠷ ᠠᠴᠠ 12 ᠰᠠᠷ᠎ᠠ ᠶᠢᠨ 8 ᠤ ᠡᠳᠦᠷ ᠤᠨ 17 ᠴᠠᠭ ᠪᠣᠯᠲᠠᠯ᠎ᠠ ᠳᠠᠬᠢᠨ ᠬᠢᠨᠠᠭᠰᠠᠨ ᠰᠢᠰᠲ᠋ᠧᠮ ᠳᠤ ᠣᠷᠣᠵᠤ | ᠳᠠᠬᠢᠨ ᠬᠢᠨᠠᠭᠰᠠᠨ ᠦᠷ᠎ᠡ ᠳ᠋ᠦᠩ ᠢᠶᠠᠨ ᠯᠠᠪᠯᠠᠵᠤ ᠪᠣᠯᠣᠨ᠎ᠠ᠃ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ | ᠮᠡᠳᠡᠭᠡ ᠵᠠᠩᠭᠢ ᠶᠢ ᠬᠤᠷᠢᠶᠠᠩᠭᠤᠶᠢᠯᠠᠭᠰᠠᠨ ᠤ ᠳᠠᠷᠠᠭ᠎ᠠ ᠰᠤᠷᠭᠠᠨ ᠬᠥᠮᠦᠵᠢᠯ ᠤᠨ ᠶᠠᠮᠤᠨ ᠤ ᠰᠤᠷᠭᠠᠨ ᠬᠥᠮᠦᠵᠢᠯ ᠤᠨ | ᠰᠢᠯᠭᠠᠯᠲᠠ ᠶᠢᠨ ᠬᠦᠷᠢᠶᠡᠯᠡᠩ ᠳᠤ ᠮᠡᠳᠡᠭᠦᠯᠦᠨ ᠬᠦᠷᠭᠡᠵᠦ ᠨᠢᠭᠡᠳᠦᠯᠲᠡᠢ ᠳᠠᠬᠢᠨ ᠬᠢᠨᠠᠭᠤᠯᠤᠨ᠎ᠠ᠃ | | |