1600 ᠰᠤᠷᠤᠭᠴᠢ ᠵᠢᠯᠤᠭᠤᠴᠢ ᠦᠭᠡᠢ ᠨᠢᠰᠭᠡᠯ ᠤᠨ ᠤᠷᠤᠯᠳᠤᠭᠠᠨ ᠳᠤ ᠦᠷᠢᠰᠦᠯᠳᠦᠪᠡ
ᠨᠡᠶᠢᠲᠡᠯᠡᠭᠰᠡᠨ ᠴᠠᠭ᠄
2024/11/12
     11 ᠰᠠᠷ᠎ᠠ ᠶᠢᠨ 3 ᠤ ᠡᠳᠦᠷ᠂ ᠬᠤᠷᠢᠨ ᠲᠠᠪᠤᠳᠤᠭᠠᠷ ᠬᠤᠭᠤᠴᠠᠭᠠᠨ ᠤ ︽ᠪᠡᠭᠡᠵᠢᠩ ᠵᠦᠭ ᠨᠢᠰᠦᠶ᠎ᠡ · ᠰᠠᠨᠰᠠᠷ ᠵᠦᠭ ᠨᠢᠰᠦᠶ᠎ᠡ︾ ᠭᠡᠬᠦ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠵᠠᠬᠪᠤᠷ ᠤᠨ ᠰᠤᠷᠭᠠᠨ ᠬᠦᠮᠦᠵᠢᠯ ᠤᠨ ᠤᠷᠤᠯᠳᠤᠭᠠᠨ ᠤ ᠬᠦᠬᠡᠬᠤᠲᠠ ᠶᠢᠨ ᠰᠢᠯᠭᠠᠷᠠᠭᠤᠯᠬᠤ ᠤᠷᠤᠯᠳᠤᠭᠠᠨ ᠵᠢᠴᠢ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠠᠭᠪᠤᠷ ᠤᠨ ᠰᠤᠷᠭᠠᠨ ᠬᠦᠮᠦᠵᠢᠯ ᠤᠨ ᠤᠷᠤᠯᠳᠤᠭᠠᠨ ᠤ ᠶᠡᠷᠦᠩᠬᠡᠢ ᠰᠶᠢᠳᠪᠦᠷᠢᠲᠤ ᠤᠷᠤᠯᠳᠤᠭᠠᠨ ︵ᠵᠢᠯᠤᠭᠤᠴᠢ ᠦᠭᠡᠢ ᠨᠢᠰᠭᠡᠯ ᠤᠨ ᠲᠦᠷᠦᠯ ᠵᠦᠢᠯ︶ ᠪᠡᠭᠡᠵᠢᠩ ᠤᠨ ᠳᠦᠷᠪᠡᠳᠦᠭᠡᠷ ᠳᠤᠮᠳᠠᠳᠤ ᠰᠤᠷᠭᠠᠭᠤᠯᠢ ᠶᠢᠨ ᠬᠦᠬᠡᠬᠤᠲᠠ ᠶᠢᠨ ᠬᠤᠪᠢᠶᠠᠷᠢ ᠰᠤᠷᠭᠠᠭᠤᠯᠢ ᠳᠤ ᠶᠠᠪᠤᠭᠳᠠᠵᠠᠢ᠃     ᠤᠶᠢᠯᠠᠭᠠᠭᠰᠠᠨ ᠢᠶᠠᠷ᠂ ᠲᠤᠰ ᠤᠷᠤᠯᠳᠤᠭᠠᠨ ᠢ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠤᠪᠴᠢᠶ᠎ᠠ ᠶᠢᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠬᠠᠮᠢᠶᠠᠷᠤᠯᠲᠠ ᠶᠢᠨ ᠲᠦᠪ᠂ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠬᠦᠳᠡᠯᠭᠡᠭᠡᠨ ᠤ ᠨᠡᠶᠢᠭᠡᠮᠯᠢᠭ᠂ ᠬᠦᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠬᠦᠬᠡᠬᠤᠲᠠ ᠶᠢᠨ ᠰᠤᠷᠭᠠᠨ ᠬᠦᠮᠦᠵᠢᠯ ᠤᠨ ᠲᠤᠪᠴᠢᠶ᠎ᠠ᠂ ᠬᠦᠬᠡᠬᠤᠲᠠ ᠶᠢᠨ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠭᠤᠤᠯᠯᠠᠨ ᠡᠷᠬᠢᠯᠡᠵᠡᠢ᠃     ᠤᠷᠤᠯᠳᠤᠭᠠᠨ ᠳᠤ᠂ ᠬᠦᠬᠡᠬᠤᠲᠠ ᠶᠢᠨ 16 ᠰᠤᠷᠭᠠᠭᠤᠯᠢ ᠶᠢᠨ 1600 ᠰᠤᠷᠤᠭᠴᠢ ᠤᠯᠠᠨ ᠲᠡᠩᠭᠡᠯᠢᠭᠲᠦ ᠵᠢᠯᠤᠭᠤᠴᠢ ᠦᠭᠡᠢ ᠨᠢᠰᠭᠡᠯ ᠤᠨ ᠬᠤᠷᠳᠤᠴᠠ ᠶᠢᠨ ᠤᠷᠤᠯᠳᠤᠭᠠᠨ᠂ ᠤᠯᠠᠨ ᠲᠡᠩᠭᠡᠯᠢᠭᠲᠦ ᠵᠢᠯᠤᠭᠤᠴᠢ ᠦᠭᠡᠢ ᠨᠢᠰᠭᠡᠯ ᠤᠨ ᠰᠠᠭᠠᠳ ᠳᠠᠪᠠᠵᠦ ᠨᠢᠰᠬᠦ ᠤᠷᠤᠯᠳᠤᠭᠠᠨ᠂ ᠬᠦᠯ ᠪᠦᠮᠪᠦᠭᠡ ᠶᠢᠨ ᠵᠢᠯᠤᠭᠤᠴᠢ ᠦᠭᠡᠢ ᠨᠢᠰᠭᠡᠯ ᠤᠨ ᠤᠷᠤᠯᠳᠤᠭᠠᠨ᠂ ᠵᠢᠯᠤᠭᠤᠴᠢ ᠦᠭᠡᠢ ᠨᠢᠰᠭᠡᠯ ᠤᠨ ᠫᠷᠤᠭ᠍ᠷᠡᠮ ᠨᠠᠶᠢᠷᠠᠭᠤᠯᠵᠦ ᠨᠢᠰᠭᠡᠬᠦ ᠵᠡᠷᠭᠡ ᠲᠠᠯ᠎ᠠ ᠪᠠᠷ ᠬᠤᠷᠴᠠ ᠰᠢᠷᠦᠭᠦᠨ ᠦᠷᠢᠰᠦᠯᠳᠦᠭᠰᠡᠨ ᠪᠠᠶᠢᠨ᠎ᠠ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号