| ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ | ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ︾ ᠶᠢ | ᠦᠨᠳᠦᠰᠦᠯᠡᠨ᠂ ᠮᠠᠨ ᠤ ᠬᠤᠰᠢᠭᠤᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠡᠳᠦᠭᠡ ᠳᠣᠣᠷᠠᠬᠢ | ᠮᠡᠲᠦ ᠵᠠᠷᠯᠠᠶ᠎ᠠ᠄ | ᠨᠢᠭᠡ᠂ ᠬᠡᠷᠡᠭᠵᠢᠭᠦᠯᠬᠦ ᠬᠡᠪᠴᠢᠶ᠎ᠡ | ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠡᠪᠴᠢᠶᠡᠨ ᠳᠤ᠂ ᠳᠤᠷ᠎ᠠ ᠪᠠᠷ ᠢᠶᠠᠨ ᠠᠲᠠᠷ ᠬᠠᠭᠠᠯᠪᠤᠷᠢᠯᠠᠬᠤ᠂ ᠣᠶᠢᠲᠤ | ᠭᠠᠵᠠᠷ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠦᠷᠢᠶᠡᠯᠡᠨ ᠡᠵᠡᠯᠡᠬᠦ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠴᠠᠭᠠᠵᠠᠯᠠᠨ᠎ᠠ᠃ | ᠬᠤᠶᠠᠷ᠂ ᠶᠠᠮᠠᠷᠪᠠ ᠨᠢᠭᠡᠴᠢ ᠪᠠ ᠬᠤᠪᠢ ᠬᠥᠮᠥᠨ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠢ ᠬᠢᠬᠦ ᠶᠢ | ᠴᠠᠭᠠᠵᠠᠯᠠᠨ᠎ᠠ | ︵ᠨᠢᠭᠡ︶ ᠤᠢ ᠮᠣᠳᠣ ᠶᠢ ᠰᠦᠢᠳᠬᠡᠬᠦ ᠶᠢ ᠴᠢᠩᠭ᠎ᠠ ᠴᠠᠭᠠᠵᠠᠯᠠᠨ᠎ᠠ᠃ ᠤᠢ ᠮᠣᠳᠣ ᠶᠢ ᠬᠤᠯᠠᠭᠠᠶᠢᠯᠠᠨ | ᠣᠭᠲᠣᠯᠬᠤ᠂ ᠬᠤᠯᠠᠭᠠᠶᠢᠯᠠᠨ ᠮᠠᠯᠲᠠᠬᠤ᠂ ᠣᠭᠲᠣᠯᠬᠤ᠂ ᠳᠤᠷ᠎ᠠ ᠪᠠᠷ ᠢᠶᠠᠨ ᠣᠭᠲᠣᠯᠬᠤ᠂ ᠰᠦᠢᠳᠬᠡᠬᠦ ᠶᠢ ᠴᠢᠩᠭ᠎ᠠ | ᠴᠠᠭᠠᠵᠠᠯᠠᠨ᠎ᠠ᠃ ᠤᠯᠤᠰ ᠤᠨ ᠥᠮᠴᠢᠯᠡᠯ ᠂ ᠬᠠᠮᠲᠤ ᠨᠡᠶᠢᠲᠡ ᠂ ᠬᠤᠪᠢ ᠬᠥᠮᠥᠨ ᠳᠤ ᠬᠠᠷᠢᠶᠠᠯᠠᠭᠳᠠᠬᠤ ᠤᠢ ᠮᠣᠳᠣ | ᠶᠢ ᠤᠢ ᠰᠢᠭᠤᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠦᠭᠡᠢ ︵ | ᠬᠥᠳᠡᠭᠡ ᠲᠣᠰᠬᠤᠨ ᠤ ᠰᠠᠭᠤᠭᠠᠯᠢ ᠠᠷᠠᠳ ᠬᠤᠪᠢᠨ ᠳᠠᠭᠠᠨ ᠦᠯᠡᠳᠡᠭᠡᠭᠰᠡᠨ ᠲᠠᠷᠢᠶ᠎ᠠ ᠪᠠ ᠪᠠᠶᠢᠰᠢᠩ ᠤᠨ ᠠᠷᠤ | ᠥᠪᠥᠷ ᠲᠠᠬᠢ ᠬᠤᠪᠢ ᠶᠢᠨ ᠥᠮᠴᠢᠯᠡᠯ ᠤᠨ ᠬᠡᠰᠡᠭ ᠪᠤᠰᠠᠭ ᠤᠢ ᠮᠣᠳᠣ ᠶᠢ ᠣᠭᠲᠣᠯᠬᠤ ᠨᠢ ᠡᠭᠦᠨ ᠳᠤ ᠪᠠᠭᠲᠠᠬᠤ | ᠦᠭᠡᠢ︶ ᠪᠣᠯ ᠳᠤᠷ᠎ᠠ ᠪᠠᠷ ᠢᠶᠠᠨ ᠣᠭᠲᠣᠯᠬᠤ ᠶᠢ ᠴᠢᠩᠭ᠎ᠠ ᠴᠠᠭᠠᠵᠠᠯᠠᠨ᠎ᠠ᠃ | ︵ᠬᠤᠶᠠᠷ︶ ᠨᠤᠲᠤᠭ ᠪᠡᠯᠴᠢᠭᠡᠷ ᠪᠠ ᠣᠶᠢᠲᠤ ᠭᠠᠵᠠᠷ ᠢ ᠳᠤᠷ᠎ᠠ ᠪᠠᠷ ᠢᠶᠠᠨ ᠡᠵᠡᠯᠡᠬᠦ ᠶᠢ ᠴᠢᠩᠭ᠎ᠠ ᠴᠠᠭᠠᠵᠠᠯᠠᠨ᠎ᠠ᠃ | ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠦᠭᠡᠢ ᠪᠣᠯ᠂ ᠵᠠᠮ᠂ ᠤᠰᠤᠨ ᠠᠰᠢᠭᠯᠠᠯᠲᠠ᠂ ᠴᠠᠬᠢᠯᠭᠠᠨ ᠬᠦᠴᠦ᠂ | ᠴᠢᠮᠡᠭᠡ ᠬᠤᠯᠪᠣᠭ᠎ᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠶᠢᠲᠤ ᠭᠠᠵᠠᠷ ᠪᠠ ᠨᠤᠲᠤᠭ | ᠪᠡᠯᠴᠢᠭᠡᠷ ᠢ ᠳᠤᠷ᠎ᠠ ᠪᠠᠷ ᠢᠶᠠᠨ ᠲᠠᠲᠠᠪᠤᠷᠢᠯᠠᠨ ᠡᠵᠡᠯᠡᠬᠦ ᠶᠢ ᠴᠢᠩᠭ᠎ᠠ ᠴᠠᠭᠠᠵᠠᠯᠠᠨ᠎ᠠ᠃ | ︵ᠭᠤᠷᠪᠠ︶ ᠳᠤᠷ᠎ᠠ ᠪᠠᠷ ᠢᠶᠠᠨ ᠭᠠᠵᠠᠷ ᠰᠢᠷᠦᠢ ᠶᠢᠨ ᠬᠢᠵᠠᠭᠠᠷ ᠢ ᠥᠷᠭᠡᠳᠬᠡᠬᠦ᠂ ᠨᠤᠲᠤᠭ ᠪᠡᠯᠴᠢᠭᠡᠷ ᠣᠶᠢᠲᠤ | ᠭᠠᠵᠠᠷ ᠢ ᠳᠤᠷ᠎ᠠ ᠪᠠᠷ ᠢᠶᠠᠨ ᠬᠦᠷᠢᠶᠡᠯᠡᠨ ᠡᠵᠡᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠡ᠃ | ︵ᠳᠥᠷᠪᠡ︶ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠡᠮᠳᠡᠭ ᠪᠣᠯᠣᠨ ᠢᠵᠢ ᠪᠦᠷᠢᠳᠦᠭᠦᠯᠬᠦ | ᠲᠦᠭᠦᠭᠡᠷᠤᠮᠵᠢ ᠶᠢ ᠡᠪᠳᠡᠬᠦ ᠶᠢ ᠴᠢᠩᠭ᠎ᠠ ᠴᠠᠭᠠᠵᠠᠯᠠᠨ᠎ᠠ᠃ | ᠭᠤᠷᠪᠠ᠂ ᠬᠠᠤᠯᠢ ᠠᠴᠠ ᠵᠥᠷᠢᠴᠡᠨ ᠠᠲᠠᠷ ᠬᠠᠭᠠᠯᠪᠤᠷᠢᠯᠠᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠭᠦᠨ᠎ᠡ | ᠡᠯ᠎ᠡ ᠰᠤᠮᠤ ᠰᠢᠶᠠᠩ ᠪᠠᠯᠭᠠᠰᠤ᠂ ᠡᠭᠦᠯᠳᠡᠷ ᠤᠨ ᠮᠠᠯ ᠢ ᠦᠷᠡᠵᠢᠭᠦᠯᠬᠦ ᠲᠥᠪ ᠪᠣᠯᠣᠨ ᠬᠤᠰᠢᠭᠤᠨ ᠳᠤ | ᠰᠠᠭᠤᠭ᠎ᠠ ᠪᠠᠶᠢᠭᠤᠯᠭ᠎ᠠ ᠨᠢᠭᠡᠴᠢ ᠲᠤᠰ ᠬᠠᠷᠢᠶ᠎ᠠ ᠣᠷᠣᠨ ᠤ ᠪᠠᠨ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ | ᠬᠠᠷᠢᠭᠤᠴᠠᠵᠤ᠂ ᠡᠯ᠎ᠡ ᠰᠤᠮᠤ ᠰᠢᠶᠠᠩ ᠪᠠᠯᠭᠠᠰᠤ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ | ᠵᠣᠭᠰᠤᠭᠠᠵᠤ ᠪᠡᠯᠴᠢᠭᠡᠷ ᠢ ᠰᠡᠷᠭᠦᠭᠡᠭᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠦᠨᠳᠦᠰᠦᠯᠡᠵᠦ᠂ ᠬᠠᠤᠯᠢ ᠬᠡᠷᠡᠭᠵᠢᠭᠦᠯᠵᠦ ᠲᠣᠭᠤᠷᠢᠨ ᠪᠠᠶᠢᠴᠠᠭᠠᠬᠤ᠂ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ᠂ ᠤᠬᠠᠭᠤᠯᠭ᠎ᠠ ᠬᠥᠮᠦᠵᠢᠯ ᠢ ᠦᠨᠡᠨ ᠬᠦ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ | ᠡᠬᠢ ᠪᠠᠶᠠᠯᠢᠭ ᠢ ᠡᠪᠳᠡᠬᠦ ᠦᠶᠯᠡ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠴᠣᠬᠢᠯᠲᠠ ᠥᠭᠴᠦ᠂ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠵᠢᠯ ᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠳᠠᠬᠢᠨ | ᠬᠠᠭᠠᠯᠪᠤᠷᠢᠯᠠᠬᠤ ᠶᠢ ᠴᠢᠩᠭ᠎ᠠ ᠰᠡᠷᠭᠡᠶᠢᠯᠡᠨ᠎ᠡ᠃ | ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠳᠥᠷᠪᠡ᠂ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ | ᠤᠳᠠᠰᠤ | ᠪᠤᠯᠭᠠᠨᠬᠤᠸᠠ ᠰᠤᠮᠤ᠄ 0482︱ 6540003 | ᠢᠨᠳᠡᠷ ᠪᠠᠯᠭᠠᠰᠤ᠄ 13948297689 | ᠪᠠᠶ᠋ᠬᠠᠤᠯᠠᠭᠠᠨ ᠰᠤᠮᠤ᠄ 0482 ︱ 6510003 | ᠲᠡᠮᠡᠭᠡᠴᠢ ᠪᠠᠯᠭᠠᠰᠤ᠄ 0482-6580021 | ᠡᠭᠦᠯᠳᠡᠷ ᠤᠨ ᠮᠠᠯ ᠢ ᠦᠷᠡᠵᠢᠭᠦᠯᠬᠦ ᠲᠥᠪ 0482-650002 | ᠨᠤᠨᠮᠦ᠋ᠷᠡᠨ ᠰᠢᠶᠠᠩ᠄ 0482 ︱ 6750021 | ᠪᠠᠳᠠᠷᠠᠬᠤ ᠪᠠᠯᠭᠠᠰᠤ᠄ 13948246980 | ᠬᠤᠯᠪᠤᠭ᠎ᠠ ᠪᠠᠯᠭᠠᠰᠤ᠄ 15174758966 | ᠪᠠᠶᠠᠨᠵᠢᠯᠠᠭ᠎ᠠ ᠰᠢᠶᠠᠩ᠄ 15148937678 | ᠰᠢᠨᠯᠢᠨ ᠪᠠᠯᠭᠠᠰᠤ᠄ 13634797123 | ᠠᠯᠳᠠᠷᠳᠤ ᠰᠤᠮᠤ᠄ 15048216878 | ᠪᠠᠶᠠᠨᠭᠤᠣᠯ ᠪᠠᠯᠭᠠᠰᠤ᠄ 0482-6765133 | ᠠᠷᠪᠡᠨᠭᠡᠷ ᠪᠠᠯᠭᠠᠰᠤ᠄ 0482-6630069 | ᠬᠦᠷᠡᠯ ᠪᠠᠯᠭᠠᠰᠤ᠄ 13734826678 ᠵᠡᠷᠭᠡ ᠪᠠᠭᠳᠠᠨ᠎ᠠ᠃ | | | | | |