ᠬᠦᠳᠡᠭᠡ ᠲᠤᠰᠬᠤᠨ ᠤ ᠰᠤᠯᠠ ᠭᠠᠵᠠᠷ ᠢ ᠰᠠᠶᠢᠳᠤᠷ ᠠᠰᠢᠭᠯᠠᠭᠰᠠᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/11/14
      ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤ ᠬᠤᠳᠠ ᠪᠠᠯᠭᠠᠰᠤᠨ ᠤ ᠪᠦᠳᠤᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠨᠡᠮᠡᠭᠳᠡᠯ ᠪᠤᠯᠤᠨ ᠬᠦᠳᠡᠭᠡ ᠲᠤᠰᠬᠤᠨ ᠤ ᠪᠦᠳᠤᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠠᠰᠤᠭᠳᠠᠯ ᠢ ᠬᠠᠷᠢᠯᠴᠠᠨ ᠬᠤᠯᠪᠤᠭᠳᠠᠭᠤᠯᠬᠤ ᠲᠦᠷᠤᠯ ᠵᠦᠢᠯ ᠢ ᠲᠤᠷᠰᠢᠨ ᠬᠡᠷᠡᠭᠵᠢᠭᠦᠯᠦᠭᠰᠡᠨ ᠬᠤᠶᠠᠷ ᠵᠢᠯ ᠲᠤᠳᠤᠷ᠎ᠠ ᠤᠳᠤ ᠪᠠᠶᠢᠭ᠎ᠠ ᠲᠠᠷᠢᠶ᠎ᠠ ᠶᠢ ᠬᠠᠮᠠᠭᠠᠯᠠᠭᠰᠠᠨ ᠤ ᠰᠠᠭᠤᠷᠢᠨ ᠲᠡᠭᠡᠷ᠎ᠠ 4631.63 ᠮᠤ᠋ ᠰᠤᠯᠠ ᠭᠠᠵᠠᠷ ᠢ ᠲᠠᠬᠢᠨ ᠠᠰᠢᠬᠯᠠᠪᠠ᠃     ᠵᠠᠯᠠᠶᠢᠳ ᠬᠤᠰᠢᠭᠤᠨ ᠤ ᠪᠦᠬᠦ ᠤᠷᠤᠨ ᠲᠤᠭᠤᠷᠢᠭ ᠤᠨ ᠭᠠᠵᠠᠷ ᠰᠢᠷᠤᠢ ᠶᠢ ᠶᠡᠷᠤᠩᠬᠡᠶᠢᠯᠡᠨ ᠴᠡᠭᠴᠡᠯᠡᠨ ᠵᠠᠰᠠᠬᠤ ᠬᠤᠳᠠ ᠪᠠᠯᠭᠠᠰᠤᠨ ᠤ ᠪᠦᠳᠤᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠨᠡᠮᠡᠭᠳᠡᠯ ᠪᠤᠯᠤᠨ ᠬᠦᠳᠡᠭᠡ ᠲᠤᠰᠬᠤᠨ ᠤ ᠪᠦᠳᠤᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠠᠰᠤᠭᠳᠠᠯ ᠢ ᠬᠠᠷᠢᠯᠴᠠᠨ ᠬᠤᠯᠪᠤᠭᠳᠠᠭᠤᠯᠬᠤ ᠲᠦᠷᠤᠯ ᠵᠦᠢᠯ ᠤᠨ ᠶᠦᠩ ᠰᠢᠩ ᠲᠤᠰᠬᠤᠨ ᠤ ᠲᠠᠬᠢᠨ ᠪᠤᠴᠠᠵᠤ ᠲᠦᠪᠬᠢᠨᠡᠬᠦᠯᠬᠦ ᠰᠢᠨ᠎ᠡ ᠤᠷᠤᠨ ᠲᠤᠭᠤᠷᠢᠭ ᠲᠤ ᠰᠠᠭᠤᠭᠠᠯᠢ ᠠᠷᠠᠳ ᠤᠨ ᠰᠢᠨ᠎ᠠ ᠠᠰᠠᠷ ᠰᠦᠭᠯᠡᠶᠢᠨ᠂ ᠲᠤᠰᠬᠤᠨ ᠤ ᠠᠷᠠᠳ ᠪᠤᠤ ᠰᠢ ᠰᠢᠨ᠎ᠠ ᠠᠰᠠᠷ ᠪᠠ ᠰᠠᠭᠤᠭᠠᠯᠢ ᠲᠤᠭᠤᠷᠢᠭ ᠤᠨ ᠲᠡᠬᠦᠯᠳᠡᠷᠵᠢᠭᠰᠡᠨ ᠲᠤᠨᠤᠭ ᠲᠦᠬᠦᠭᠡᠷᠤᠮᠵᠢ ᠶᠢ ᠬᠠᠷᠠᠭᠠᠳ ᠲᠦᠢᠯ ᠤᠨ ᠪᠠᠶᠠᠷᠳᠠᠢ ᠪᠠᠶᠢᠯ᠎ᠠ᠃ ︽ᠪᠢᠳᠠ ᠤᠳᠠᠯ ᠦᠭᠡᠢ ᠰᠢᠨ᠎ᠠ ᠠᠰᠠᠷ ᠲᠤ ᠨᠡᠬᠦᠬᠦ ᠪᠠᠷ ᠪᠤᠢ᠂ ᠡ᠊ᠨᠠ ᠵᠢᠯ ᠤᠨ ᠡᠪᠤᠯ ᠨᠡᠬᠦᠷᠡᠰᠤ ᠰᠢᠳᠠᠭᠠᠬᠤ ᠴᠢᠬᠤᠯᠠ ᠦᠭᠡᠢ ᠪᠤᠯᠵᠠᠢ᠂ ᠰᠢᠨ᠎ᠠ ᠠᠰᠠᠷ ᠲᠠᠭᠠᠨ ᠨᠡᠬᠦᠵᠤ ᠤᠷᠤᠬᠤ ᠶᠢ ᠲᠦᠢᠯ ᠢᠶᠠᠷ ᠬᠦᠰᠡᠵᠤ ᠪᠤᠢ︾ ᠭᠡᠪᠠ᠃      ᠨᠢᠳᠤᠨᠤᠨ᠂ ᠬᠤᠯᠪᠤᠭ᠎ᠠ ᠪᠠᠯᠭᠠᠰᠤ ᠪᠦᠬᠦ ᠤᠷᠤᠨ ᠲᠤᠭᠤᠷᠢᠭ ᠤᠨ ᠬᠤᠳᠠ ᠪᠠᠯᠭᠠᠰᠤᠨ ᠤ ᠪᠦᠳᠤᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠨᠡᠮᠡᠭᠳᠡᠯ ᠪᠤᠯᠤᠨ ᠬᠦᠳᠡᠭᠡ ᠲᠤᠰᠬᠤᠨ ᠤ ᠪᠦᠳᠤᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠠᠰᠤᠭᠳᠠᠯ ᠢ ᠬᠠᠷᠢᠯᠴᠠᠨ ᠬᠤᠯᠪᠤᠭᠳᠠᠭᠤᠯᠬᠤ ᠲᠦᠷᠤᠯ ᠵᠦᠢᠯ ᠤᠨ ᠲᠤᠷᠰᠢᠯᠭ᠎ᠠ ᠶᠢᠨ ᠴᠡᠭ ᠪᠤᠯᠵᠦ᠂ ᠰᠢᠶᠠᠨ ᠹᠧᠩ ᠲᠤᠰᠬᠤᠨ᠂ ᠱᠦᠢ ᠲᠢᠶᠠᠨ ᠲᠤᠰᠬᠤᠨ᠂ ᠶᠦᠩ ᠰᠢᠩ ᠲᠤᠰᠬᠤᠨ᠂ ᠡᠣ ᠵᠢᠶᠠ ᠽᠢ ᠲᠤᠰᠬᠤᠨ ᠵᠡᠷᠭᠡ 4 ᠲᠤᠰᠬᠤᠨ 16 ᠠᠶᠢᠯ ᠢ ᠲᠤᠰ ᠲᠦᠷᠤᠯ ᠵᠦᠢᠯ ᠤᠨ ᠪᠦᠳᠤᠭᠡᠨ ᠪᠠᠶᠢᠭᠤᠯᠤᠯᠳᠠ ᠶᠢᠨ ᠬᠦᠷᠢᠶ᠎ᠠ ᠬᠡᠪᠴᠢᠶᠡᠨ ᠳᠤ ᠤᠷᠤᠭᠤᠯᠵᠠᠢ᠃ ᠲᠤᠰ ᠲᠦᠷᠤᠯ ᠵᠦᠢᠯ ᠳᠤ ᠭᠠᠭᠴᠠ ᠲᠤᠰᠬᠤᠨ ᠢ ᠲᠦᠪᠬᠢᠨᠡᠬᠦᠯᠬᠦ ᠪᠠ ᠤᠯᠠᠨ ᠲᠤᠰᠬᠤᠨ ᠢ ᠬᠤᠯᠪᠤᠭᠠᠯᠠᠨ ᠪᠠᠶᠢᠭᠤᠯᠬᠤ ᠠᠷᠭ᠎ᠠ ᠪᠠᠷ ᠲᠦᠪᠬᠢᠨᠡᠬᠦᠯᠬᠦ ᠤᠷᠤᠨ ᠢ 3 ᠪᠠᠶᠢᠭᠤᠯᠬᠤ ᠪᠠᠷ ᠲᠦᠯᠤᠪᠯᠡᠨ᠂ 36 ᠰᠠᠭᠤᠷᠢ ᠠᠰᠠᠷ ᠪᠠᠶᠢᠭᠤᠯᠤᠨ 970 ᠡᠷᠤᠬᠡ ᠶᠢ ᠪᠠᠭᠳᠠᠭᠠᠵᠦ᠂ ᠪᠠᠷᠢᠯᠭ᠎ᠠ ᠶᠢᠨ ᠶᠡᠷᠤᠩᠬᠡᠢ ᠲᠠᠯᠠᠪᠠᠢ ᠨᠢ 8.9 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠪᠡ᠃ ᠲᠤᠰ ᠲᠦᠷᠤᠯ ᠵᠦᠢᠯ ᠨᠢ ᠪᠠᠰᠠ 2388 ᠡᠷᠤᠬᠡ ᠶᠢ ᠬᠠᠮᠤᠷᠴᠤ᠂ 2133 ᠡᠷᠦᠭᠡ ᠶᠢ ᠨᠡᠭᠦᠯᠭᠡᠬᠦ ᠪᠠᠷ ᠨᠢᠭᠡᠨᠳᠠ ᠭᠡᠷ᠎ᠠ ᠲᠤᠭᠳᠠᠵᠦ᠂ ᠨᠡᠬᠦᠬᠦ ᠨᠤᠷᠮ᠎ᠠ ᠶᠢ 89.32% ᠲᠤ ᠬᠦᠷᠭᠡᠪᠡ᠃     ︽ᠲᠤᠰ ᠲᠦᠷᠤᠯ ᠵᠦᠢᠯ ᠳᠤ ᠠᠮᠤ ᠪᠤᠳᠠᠭ᠎ᠠ ᠬᠠᠳᠠᠭᠠᠯᠠᠬᠤ ᠲᠤᠭᠤᠷᠢᠭ ᠪᠠ ᠲᠠᠷᠢᠶᠠᠯᠠᠩ ᠤᠨ ᠮᠠᠰᠢᠨ ᠤ ᠬᠦᠮᠤᠷᠭᠡ ᠪᠠᠶᠢᠭᠤᠯᠵᠤ᠂ ᠨᠢᠭᠡᠳᠤᠯᠳᠠᠢ ᠢᠯᠴᠢ ᠬᠠᠩᠭᠠᠬᠤ ᠪᠠ ᠪᠤᠵᠠᠷ ᠤᠰᠤ ᠶᠢ ᠨᠢᠭᠡᠳᠤᠯᠳᠠᠢ ᠭᠠᠳᠠᠭᠰᠢᠯᠠᠭᠤᠯᠬᠤ ᠶᠢ ᠪᠡᠶᠡᠯᠡᠭᠦᠯᠵᠦ᠂ ᠪᠠᠰᠠ ᠬᠡᠥᠬᠡᠳ ᠤᠨ ᠴᠡᠴᠡᠷᠯᠢᠭ᠂ ᠡᠷᠡᠬᠦᠯ ᠬᠠᠮᠠᠭᠠᠯᠠᠯ ᠤᠨ ᠲᠠᠰᠤᠭ᠂ ᠬᠦᠷᠰᠢ ᠵᠡᠷᠭᠡᠯᠡᠳᠡᠭᠡ ᠶᠢᠨ ᠲᠦᠪ ᠵᠡᠷᠭᠡ ᠶᠢ ᠨᠢᠭᠡᠳᠦᠯᠳᠠᠢ ᠲᠤᠬᠢᠷᠠᠭᠤᠯᠤᠨ᠂ ᠤᠯᠠᠨ ᠲᠦᠮᠡᠨ ᠤ ᠬᠡᠷᠡᠭᠯᠡᠬᠦ ᠰᠠᠩ ᠬᠦᠮᠤᠷᠭᠡ ᠶᠢ ᠪᠠᠶᠢᠭᠤᠯᠪᠠ︾ ᠭᠡᠵᠤ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠤ᠋ ᠶᠦᠩ ᠽᠧ ᠶᠠᠷᠢᠨ᠎ᠠ᠃      ᠵᠠᠯᠠᠶᠢᠳ ᠬᠤᠰᠢᠭᠤ ᠪᠤᠯ ᠪᠦᠬᠦ ᠤᠯᠤᠰ ᠤᠨ ᠠᠮᠤ ᠪᠤᠳᠠᠭᠠᠨ ᠤ ᠤᠨᠠᠯᠳᠠ ᠶᠢᠨ ᠲᠤᠮᠤ ᠰᠢᠶᠠᠨ ᠤ ᠨᠢᠬᠡ ᠪᠤᠯᠬᠤ ᠶᠤᠮ᠃ ᠭᠠᠵᠠᠷ ᠰᠢᠷᠤᠢ ᠶᠢᠨ ᠡᠬᠢ ᠪᠠᠶᠠᠯᠢᠭ ᠢ ᠠᠷᠪᠢᠯᠠᠨ ᠠᠰᠢᠭᠯᠠᠬᠤ ᠨᠤᠷᠮ᠎ᠠ ᠶᠢ ᠲᠡᠭᠡᠭᠰᠢᠯᠡᠬᠦᠯᠬᠦ ᠪᠠᠷ᠂ ᠨᠢᠳᠤᠨᠤᠨ ᠬᠤᠳᠠ ᠪᠠᠯᠭᠠᠰᠤᠨ ᠤ ᠪᠦᠳᠤᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠨᠡᠮᠡᠭᠳᠡᠯ ᠪᠤᠯᠤᠨ ᠬᠦᠳᠡᠭᠡ ᠲᠤᠰᠬᠤᠨ ᠤ ᠪᠦᠳᠤᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠠᠰᠤᠭᠳᠠᠯ ᠢ ᠬᠠᠷᠢᠯᠴᠠᠨ ᠬᠤᠯᠪᠤᠭᠳᠠᠭᠤᠯᠬᠤ ᠲᠦᠷᠤᠯ ᠵᠦᠢᠯ ᠢ ᠬᠡᠷᠡᠭᠵᠢᠭᠦᠯᠵᠦ᠂ ︽ᠲᠠᠷᠢᠶᠠᠨ ᠭᠠᠵᠠᠷ ᠢ ᠲᠡᠭᠰᠢᠯᠡᠬᠦ᠂ ᠪᠦᠳᠤᠭᠡᠨ ᠪᠠᠶᠢᠭᠤᠯᠤᠯᠳᠠ ᠶᠢᠨ ᠭᠠᠵᠠᠷ ᠢ ᠲᠡᠭᠰᠢᠯᠡᠬᠦ᠂ ᠠᠮᠢ ᠠᠬᠤᠢ ᠶᠢᠨ ᠬᠠᠮᠠᠭᠠᠯᠠᠯᠳᠠ ᠶᠢ ᠰᠡᠷᠬᠦᠭᠡᠬᠦ᠂ ᠠᠵᠤ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ᠂ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠨᠦᠬᠦᠴᠠᠯ ᠢ ᠰᠢᠯᠢᠳᠡᠭᠵᠢᠬᠦᠯᠬᠦ︾ ᠵᠡᠷᠭᠡ ᠲᠠᠪᠤᠨ ᠲᠠᠯ᠎ᠠ ᠪᠠᠷ ᠰᠤᠯᠠ ᠭᠠᠵᠠᠷ᠂ ᠬᠦᠳᠡᠭᠡ ᠲᠤᠰᠬᠤᠨ ᠤ ᠠᠳᠠᠷᠰᠢᠭᠰᠠᠨ ᠭᠠᠵᠠᠷ ᠢ ᠲᠡᠬᠢᠨ ᠲᠤᠬᠢᠷᠠᠭᠤᠯᠤᠨ᠂ 5.8 ᠳ᠋ᠦᠩᠰᠢᠭᠤᠷ ᠲᠦᠬᠦᠷᠢᠭ ᠪᠠᠯᠠ ᠤᠷᠤᠭᠤᠯᠵᠤ᠂ ᠲᠤᠬᠢᠷᠠᠮᠵᠢᠳᠠᠢ ᠬᠡᠰᠡᠭ ᠲᠤᠨᠢ ᠤᠳᠤᠬᠢᠴᠢᠯᠠᠭᠰᠠᠨ ᠤᠷᠤᠨ ᠰᠠᠭᠤᠴᠠ ᠪᠠᠶᠢᠭᠤᠯᠤᠨ᠂ ᠤᠯᠠᠨ ᠲᠦᠮᠡᠨ ᠤ ᠦᠢᠯᠡᠳᠪᠤᠷᠢᠯᠡᠯ ᠠᠮᠢᠳᠤᠷᠠᠯ ᠤᠨ ᠶᠠᠰᠤ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠭᠦᠯᠪᠡ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号