ᠵᠡᠮᠳᠡᠭ ᠪᠠᠭᠤᠷᠠᠢ ᠬᠦᠮᠦᠰ ᠲᠤ ᠬᠠᠤᠯᠢ ᠴᠠᠭᠠᠵᠠ ᠶᠢᠨ ᠳᠤᠰᠠᠯᠠᠮᠵᠢ ᠬᠦᠷᠭᠡᠭᠰᠡᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/11/14
      ᠵᠢᠯ ᠤᠨ ᠡᠬᠢᠨ ᠠᠴᠠ ᠨᠠᠭᠠᠰᠢ᠂ ᠵᠠᠯᠠᠶᠢᠳ ᠬᠤᠰᠢᠭᠤᠨ ᠤ ᠬᠠᠤᠯᠢ ᠴᠠᠭᠠᠵᠠ ᠶᠢᠨ ᠳᠤᠪᠴᠢᠶ᠎ᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠡᠯ᠎ᠡ ᠲᠥᠷᠥᠯ ᠤᠨ ᠬᠡᠷᠡᠭ ᠢ 250 ᠭᠥᠯᠢᠶᠡᠨ ᠠᠪᠴᠤ ᠰᠢᠢᠳᠪᠦᠷᠢᠯᠡᠭᠰᠡᠨ ᠪᠠᠶᠢᠨ᠎ᠠ᠂ ᠡᠭᠦᠨ ᠳᠤ ᠨᠠᠰᠤᠲᠠᠶᠢᠴᠤᠳ ᠲᠠᠢ ᠬᠤᠯᠪᠤᠬᠳᠠᠬᠰᠠᠨ ᠭᠡᠷᠡᠭ ᠢ 24᠂ ᠨᠠᠰᠤᠨ ᠳᠤ ᠥᠯᠥ ᠭᠦᠷᠦᠭᠰᠡᠳ ᠲᠠᠢ ᠬᠤᠯᠪᠤᠬᠳᠠᠬᠰᠠᠨ ᠭᠡᠷᠡᠭ ᠢ 24᠂ ᠡᠮᠡᠭᠲᠡᠶᠢᠴᠦᠳ ᠲᠠᠢ ᠬᠤᠯᠪᠤᠬᠳᠠᠬᠰᠠᠨ ᠭᠡᠷᠡᠭ ᠢ 28᠂ ᠵᠡᠮᠳᠡᠭ ᠬᠥᠮᠦᠰ ᠲᠠᠢ ᠬᠤᠯᠪᠤᠬᠳᠠᠬᠰᠠᠨ ᠭᠡᠷᠡᠭ ᠢ 4 ᠲᠤᠰ ᠲᠤᠰ ᠰᠶᠢᠳᠪᠦᠷᠢᠯᠡᠭᠰᠡᠨ ᠪᠠᠶᠢᠨ᠎ᠠ᠃ ᠲᠣᠰ ᠲᠥᠪ ︽ᠰᠠᠭᠠᠳ ᠥᠬᠡᠶ ᠨᠡᠪᠲᠡᠷᠡᠬᠦ ᠵᠠᠮ + ᠲᠤᠰᠠᠯᠠᠬᠤ ᠪᠠ ᠡᠶᠡᠳᠡᠭᠦᠯᠬᠦ ᠶᠢ ᠵᠣᠯᠭᠠᠭᠤᠯᠬᠤ︾ ᠦᠢᠯᠡᠴᠢᠯᠡᠭᠡᠨ ᠤ ᠰᠢᠨ᠎ᠡ ᠵᠠᠭᠪᠤᠷ ᠢ ᠬᠡᠷᠡᠭᠵᠢᠭᠦᠯᠵᠦ᠂ ᠬᠥᠳᠡᠯᠵᠦ ᠪᠠᠷᠢᠬᠤ ᠳᠠᠭᠠᠨ ᠳᠥᠭᠦᠮ ᠦᠭᠡᠢ ᠨᠠᠰᠤᠲᠠᠶᠢᠴᠤᠳ ᠵᠢᠴᠢ ᠵᠡᠮᠳᠡᠭ ᠪᠠᠭᠤᠷᠠᠢ ᠬᠦᠮᠦᠰ ᠲᠤ ᠬᠠᠤᠯᠢ ᠴᠠᠭᠠᠵᠠ ᠶᠢᠨ ᠳᠡᠮᠵᠢᠯᠭᠡ ᠶᠢ ᠴᠠᠭ ᠲᠤᠬᠠᠶ ᠳᠤᠨᠢ ᠬᠠᠩᠭᠠᠵᠠᠢ᠃     ᠵᠡᠮᠳᠡᠭ ᠪᠠᠭᠤᠷᠠᠢ ᠬᠦᠮᠦᠰ ᠲᠤ ᠲᠦᠬᠦᠮ ᠦᠢᠯᠡᠴᠢᠯᠡᠭᠡ ᠬᠠᠨᠭ᠍ᠭᠠᠬᠤ ᠶᠢᠨ ᠲᠦᠯᠦᠭᠡ᠂ ᠵᠠᠯᠠᠶᠢᠳ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠭᠤᠶᠤᠴᠢᠯᠠᠬᠤ ᠶᠠᠪᠤᠴᠠ ᠶᠢ ᠳᠥᠭᠦᠮᠴᠢᠯᠡᠵᠦ᠂ ᠬᠦᠯᠢᠶᠡᠬᠦ ᠴᠠᠭ ᠢ ᠪᠣᠭᠤᠨᠢᠰᠬᠠᠨ᠂ ᠡᠶᠡᠳᠡᠭᠦᠯᠬᠦ ᠪᠠ ᠵᠠᠷᠭᠤᠯᠳᠤᠬᠤ ᠬᠤᠶᠠᠷ ᠵᠦᠢᠯ ᠤᠨ ᠠᠷᠭ᠎ᠠ ᠶᠢ ᠵᠤᠬᠢᠰᠳᠠᠢ ᠬᠡᠷᠡᠭᠯᠡᠵᠦ᠂ ᠭᠤᠶᠤᠴᠢᠯᠠᠭᠴᠢ ᠶᠢᠨ ᠪᠣᠳᠠᠲᠠᠶ ᠠᠰᠠᠭᠤᠳᠠᠯ ᠢ ᠥᠨᠳᠥᠷ ᠪᠦᠲᠦᠮᠵᠢᠲᠡᠶ ᠰᠶᠢᠳᠪᠦᠷᠢᠯᠡᠭᠰᠡᠨ ᠪᠠᠶᠢᠨ᠎ᠠ᠃      60 ᠨᠠᠰᠤᠲᠠᠶ ᠪᠠᠶ ᠣᠪᠣᠭᠲᠤ ᠵᠠᠮ ᠬᠠᠷᠢᠯᠴᠠᠭᠠᠨ ᠤ ᠡ᠊ᠨᠳᠡᠯ ᠳᠤ ᠤᠴᠠᠷᠠᠨ ᠲᠠᠮᠪᠠᠷᠠᠵᠤ᠂ ᠠᠮᠢᠳᠤᠷᠠᠯ ᠨᠢ ᠬᠦᠴᠢᠷᠳᠡᠯ ᠳᠤ ᠳᠤᠯᠭᠠᠷᠠᠪᠠ᠃ ᠵᠠᠯᠠᠶᠢᠳ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠲᠡᠭᠦᠨ ᠤ ᠪᠠᠶᠢᠳᠠᠯ ᠢ ᠤᠶᠢᠯᠠᠭᠠᠬᠰᠠᠨ ᠤ ᠳᠠᠷᠠᠭ᠎ᠠ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠦᠳᠲᠡᠷ ᠲᠦᠷᠭᠡᠨ ᠡᠬᠢᠯᠡᠭᠦᠯᠵᠦ᠂ ᠲᠤᠰᠬᠠᠶ ᠬᠠᠤᠯᠢᠴᠢ ᠶᠢᠨ ᠪᠦᠯᠬᠦᠮ ᠲᠣᠮᠢᠯᠠᠨ ᠪᠠᠢ ᠤᠪᠤᠬᠳᠦ ᠳᠤ ᠬᠠᠤᠯᠢ ᠴᠠᠭᠠᠵᠠ ᠶᠢᠨ ᠯᠠᠪᠯᠠᠯᠲᠠ ᠪᠠ ᠳᠡᠮᠵᠢᠯᠭᠡ ᠬᠠᠩᠭᠠᠪᠠ᠃ ᠬᠠᠤᠯᠢᠴᠢ ᠠᠴᠠ ᠭᠡᠷᠡᠴᠢ ᠦᠨᠡᠮᠯᠡᠯ ᠢ ᠲᠤᠬᠠᠶ ᠶᠢᠨ ᠲᠠᠯᠠᠪᠤᠷ ᠲᠤ ᠬᠢᠨᠠᠨ ᠬᠠᠷᠭᠤᠭᠤᠯᠬᠤ ᠂ ᠭᠤᠶᠤᠴᠢᠯᠠᠯ ᠤᠨ ᠮᠠᠲ᠋ᠧᠷᠢᠶᠠᠯ ᠢᠶᠠᠨ ᠲᠠᠭᠯᠠᠬᠤ ᠶᠢ ᠨᠢ ᠵᠢᠯᠣᠭᠤᠳᠬᠤ᠂ ᠤᠴᠢᠷ ᠶᠠᠪᠤᠳᠡᠯ ᠢ ᠰᠦᠯᠵᠢᠶᠡᠨ ᠳᠡᠭᠡᠷ᠎ᠡ ᠰᠶᠢᠳᠪᠦᠷᠢᠯᠡᠬᠦ ᠶᠢ ᠠᠮᠵᠢᠯᠲᠠ ᠲᠠᠢ ᠭᠤᠶᠤᠴᠢᠯᠠᠬᠤ ᠵᠡᠷᠭᠡ  ᠪᠦᠬᠦᠶᠢᠯᠡ ᠶᠠᠪᠤᠴᠠ ᠶᠢ ᠵᠢᠭᠠᠨ ᠵᠢᠯᠤᠭᠤᠳᠤᠨ ᠳᠤᠰᠠᠯᠠᠮᠵᠢ ᠦᠵᠡᠬᠦᠯᠵᠦ᠂ ᠰᠢᠭᠦᠯᠲᠡ ᠬᠢᠬᠦ ᠲᠤᠬᠠᠶ ᠶᠢᠨ ᠡᠳᠦᠷ ᠲᠤ ᠪᠠᠶ ᠣᠪᠣᠭᠲᠤ ᠳᠤ ᠪᠠᠷ᠎ᠠ ᠪᠤᠯᠵᠤ ᠬᠠᠤᠯᠢ ᠶᠣᠰᠣᠨ ᠤ ᠡᠷᠬᠡ ᠠᠰᠢᠭ ᠢ ᠨᠢ ᠦᠨᠡᠨᠬᠦ ᠬᠠᠮᠠᠭᠠᠯᠠᠪᠠ᠃     ᠵᠠᠯᠠᠶᠢᠳ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠬᠥᠳᠡᠯᠵᠦ ᠪᠠᠷᠢᠬᠤ ᠳᠤ ᠳᠥᠭᠦᠮ ᠦᠭᠡᠢ ᠵᠡᠮᠳᠡᠭ ᠪᠠᠭᠤᠷᠠᠢ ᠬᠦᠮᠦᠰ ᠲᠤ ᠨᠠᠷᠢᠯᠢᠭ ᠣᠨᠣᠴᠠᠲᠠᠶ᠂ ᠳᠥᠭᠦᠮ ᠳᠥᠲᠡ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠵᠦ᠂ ᠬᠠᠪᠰᠤᠷᠤᠨ ᠳᠡᠳᠬᠦᠬᠦ ᠠᠷᠭ᠎ᠠ ᠵᠠᠮ ᠢᠶᠠᠨ ᠲᠠᠰᠤᠷᠠᠯᠲᠠ ᠥᠬᠡᠶ ᠥᠷᠭᠡᠳᠭᠡᠨ᠂ ᠦᠢᠯᠡᠴᠢᠯᠡᠭᠡᠨ ᠢᠶᠠᠨ ᠰᠢᠯᠢᠳᠡᠭᠵᠢᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢ ᠦᠨᠡᠨᠬᠦ ᠬᠦᠷᠳᠡᠭᠡᠵᠠᠢ᠃ ᠲᠤᠰ ᠲᠥᠪ ᠤᠨ ᠬᠢᠨ ᠪᠠᠰᠠ ᠡᠶᠡᠳᠡᠭᠦᠯᠭᠡ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠦ᠂ ᠨᠠᠰᠤᠲᠠᠶᠢᠴᠤᠳ ᠢ ᠠᠴᠢᠯᠠᠨ ᠲᠡᠵᠢᠭᠡᠬᠦ ᠪᠠ ᠭᠡᠷ ᠪᠦᠯᠢ ᠶᠢᠨ ᠵᠥᠷᠢᠴᠡᠯ ᠵᠡᠷᠭᠡ ᠦᠷᠭᠦᠯᠵᠢ ᠲᠣᠬᠢᠶᠠᠯᠳᠤᠳᠠᠭ ᠵᠢᠭᠤᠷᠠᠯᠳᠤᠭᠠᠨ ᠢ ᠨᠠᠷᠢᠨ ᠨᠢᠮᠪᠠᠶ ᠡᠶᠡᠳᠡᠭᠦᠯᠵᠦ᠂ ᠭᠡᠷ ᠪᠦᠯᠢ ᠶᠢᠨ ᠡᠶ᠎ᠡ ᠵᠤᠬᠢᠴᠠᠯ ᠪᠠ ᠨᠡᠶᠢᠭᠡᠮ ᠤᠨ ᠲᠣᠭᠲᠠᠭᠤᠨ ᠢ ᠰᠠᠶᠢᠳᠤᠷ ᠬᠠᠮᠠᠭᠠᠯᠠᠵᠦ ᠪᠤᠢ᠃ ᠡᠶᠢᠮᠦᠷᠬᠦ ︽ᠲᠤᠰᠠᠯᠠᠬᠤ ᠪᠠ ᠡᠶᠡᠳᠡᠭᠦᠯᠬᠦ ᠶᠢ ᠵᠣᠯᠭᠠᠭᠤᠯᠬᠤ︾ ᠠᠷᠭ᠎ᠠ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃     ︽ᠪᠢᠳᠡ ︿ᠰᠠᠭᠠᠳ ᠥᠬᠡᠶ ᠨᠡᠪᠲᠡᠷᠡᠬᠦ ᠵᠠᠮ + ᠲᠤᠰᠠᠯᠠᠬᠤ ᠪᠠ ᠡᠶᠡᠳᠡᠭᠦᠯᠬᠦ ᠶᠢ ᠵᠣᠯᠭᠠᠭᠤᠯᠬᠤ﹀ ᠦᠢᠯᠡᠴᠢᠯᠡᠭᠡᠨ ᠤ ᠵᠠᠭᠪᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠡᠮᠳᠡᠭ ᠪᠠᠭᠤᠷᠠᠢ ᠬᠦᠮᠦᠰ ᠲᠤ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠨ᠎ᠠ︾ ᠭᠡᠵᠦ ᠵᠠᠯᠠᠶᠢᠳ ᠬᠤᠰᠢᠭᠤᠨ ᠤ ᠬᠠᠤᠯᠢ ᠴᠠᠭᠠᠵᠠ ᠶᠢᠨ ᠳᠤᠪᠴᠢᠶ᠎ᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠡᠷᠬᠢᠯᠡᠭᠴᠢ ᠨᠢᠶᠧ ᠳ᠋ᠦᠩ ᠹᠠᠩ ᠢᠯᠠᠷᠭᠡᠶᠢᠯᠡᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号