ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠵᠠᠯᠠᠶᠢᠳ ᠬᠤᠰᠢᠭᠤ ᠦᠨᠳᠦᠰᠦᠨ ᠱᠠᠳᠦᠨ ᠤ ᠡᠮᠴᠢᠯᠡᠬᠡᠨ ᠤ | ᠡᠷᠡᠬᠦᠯ ᠬᠠᠮᠠᠭᠠᠯᠠᠯ ᠤᠨ ᠡᠩᠨᠡᠬᠡᠨ ᠤ ᠪᠠᠶᠢᠭᠤᠯᠤᠯᠳᠠ ᠶᠢ ᠲᠦᠷᠭᠡᠳᠭᠡᠵᠦ᠂ ᠭᠠᠴᠠᠭ᠎ᠠ ᠲᠤᠰᠬᠤᠨ ᠤ ᠡᠷᠡᠬᠦᠯ | ᠬᠠᠮᠠᠭᠠᠯᠠᠯ ᠤᠨ ᠲᠠᠰᠤᠭ ᠪᠠ ᠭᠠᠴᠠᠭ᠎ᠠ ᠲᠤᠰᠬᠤᠨ ᠤ ᠡᠮᠴᠢ ᠶᠢᠨ ᠡᠩᠨᠡᠭᠡ ᠶᠢᠨ ᠪᠠᠶᠢᠭᠤᠯᠤᠯᠳᠠ ᠶᠢ ᠲᠠᠰᠦᠷᠠᠯᠳᠠ | ᠦᠬᠡᠢ ᠴᠢᠩᠭᠠᠳᠬᠠᠵᠦ᠂ ᠬᠦᠳᠡᠭᠡ ᠲᠤᠰᠬᠤᠨ ᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠨᠢᠬᠡ | ᠴᠤᠬᠴᠠᠵᠢᠭᠤᠯᠤᠬᠰᠠᠨ ᠬᠠᠮᠢᠶᠠᠷᠦᠯᠳᠠ ᠶᠢᠨ ᠲᠤᠬᠳᠠᠴᠠ ᠶᠢ ᠪᠠᠶᠢᠭᠤᠯᠤᠨ᠂ ᠭᠠᠴᠠᠭ᠎ᠠ ᠲᠤᠰᠬᠤᠨ ᠤ ᠡᠷᠡᠬᠦᠯ | ᠬᠠᠮᠠᠭᠠᠯᠠᠯ ᠤᠨ ᠲᠠᠰᠤᠭ ᠤᠨ ᠠᠵᠢᠯᠳᠠᠳ ᠤᠨ ᠢᠳᠡᠪᠬᠢᠵᠢᠯ ᠢ ᠲᠠᠶᠢᠴᠢᠯᠠᠵᠦ᠂ ᠦᠨᠳᠦᠰᠦᠨ ᠱᠠᠳᠦᠨ ᠤ ᠡᠮᠴᠢᠯᠡᠬᠡᠨ ᠤ | ᠲᠤᠤᠷ ᠢ ᠪᠠᠬᠢᠵᠢᠬᠦᠯᠤᠨ᠂ ᠦᠨᠳᠦᠰᠦᠨ ᠱᠠᠳᠦᠨ ᠤ ᠤᠯᠠᠨ ᠲᠦᠮᠡᠨ ᠤ ᠡᠪᠡᠳᠴᠢᠨ ᠦᠵᠡᠬᠦᠯᠬᠦ ︽ᠬᠠᠮᠤᠭ | ᠡᠴᠦᠰ ᠤᠨ ᠨᠢᠬᠡ ᠺᠢᠯᠤᠮᠧᠲᠷ︾ ᠵᠠᠢ ᠶᠢ ᠨᠡᠪᠳᠡᠷᠡᠭᠦᠯᠵᠠᠢ᠃ | ᠤᠶᠢᠷ᠎ᠠ ᠳᠤ᠂ ᠪᠦᠬᠦ ᠠᠶᠢᠮᠠᠭ ᠤᠨ ᠬᠦᠳᠡᠭᠡ ᠲᠤᠰᠬᠤᠨ ᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠨᠢᠬᠡ | ᠴᠤᠬᠴᠠᠵᠢᠭᠤᠯᠤᠬᠰᠠᠨ ᠬᠠᠮᠢᠶᠠᠷᠦᠯᠳᠠ ᠶᠢᠨ ᠲᠤᠬᠠᠢ ᠶᠢᠨ ᠲᠠᠯᠠᠪᠦᠷ ᠤᠨ ᠠᠬᠢᠭᠤᠯᠤᠯᠳᠠ ᠶᠢᠨ ᠬᠤᠷᠠᠯ ᠢ ᠵᠠᠯᠠᠶᠢᠳ | ᠬᠤᠰᠢᠭᠤᠨ ᠳᠤ ᠬᠤᠷᠠᠯᠳᠤᠭᠤᠯᠵᠠᠢ᠃ ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠳᠠ ᠶᠢᠨ ᠡᠷᠡᠬᠦᠯ ᠬᠠᠮᠠᠭᠠᠯᠠᠯ | ᠡᠷᠡᠬᠦᠯ ᠮᠡᠨᠳᠤ ᠶᠢᠨ ᠰᠢᠰᠲ᠋ᠧᠮ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠨᠠᠷ ᠵᠠᠯᠠᠶᠢᠳ ᠬᠤᠰᠢᠭᠤᠨ ᠤ ᠡᠮᠴᠢᠯᠡᠬᠡᠨ ᠤ | ᠬᠠᠮᠳᠤ ᠶᠢᠨ ᠴᠤᠬᠴᠠ ᠶᠢᠨ ᠬᠤᠶᠠᠳᠤᠭᠠᠷ ᠶᠡᠷᠦᠩᠭᠡᠢ ᠡᠮᠨᠡᠯᠬᠡ ᠶᠢᠨ ᠬᠤᠷᠢᠶ᠎ᠠ᠂ ᠪᠠᠶᠠᠨᠭᠤᠤᠯ ᠡᠷᠡᠬᠦᠯ ᠬᠠᠮᠠᠭᠠᠯᠠᠯ ᠤᠨ | ᠬᠤᠷᠢᠶ᠎ᠠ᠂ ᠾᠧ ᠫᠢᠩ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠢᠶᠠᠷ ᠲᠤᠭᠤᠷᠢᠨ ᠦᠵᠡᠪᠡ᠃ ᠲᠤᠰ | ᠤᠳᠠᠭᠠᠨ ᠤ ᠠᠬᠢᠭᠤᠯᠤᠯᠳᠠ ᠶᠢᠨ ᠬᠤᠷᠠᠯ ᠨᠢ ᠬᠦᠳᠡᠭᠡ ᠲᠤᠰᠬᠤᠨ ᠤ ᠡᠮᠴᠢᠯᠡᠬᠡᠨ ᠤ ᠡᠬᠢ ᠪᠠᠶᠠᠯᠢᠭ ᠢ ᠵᠤᠬᠢᠰᠳᠠᠢ | ᠲᠦᠯᠦᠪᠵᠢᠬᠦᠯᠦᠨ ᠲᠤᠬᠢᠷᠠᠭᠤᠯᠵᠦ᠂ ᠵᠠᠯᠠᠶᠢᠳ ᠬᠤᠰᠢᠭᠤᠨ ᠤ ᠬᠦᠳᠡᠭᠡ ᠲᠤᠰᠬᠤᠨ ᠤ ᠡᠷᠡᠬᠦᠯ ᠬᠠᠮᠠᠭᠠᠯᠠᠯ ᠤᠨ | ᠦᠢᠯᠡᠴᠢᠯᠡᠬᠡᠨ ᠤ ᠨᠢᠬᠡ ᠴᠤᠬᠴᠠᠵᠢᠭᠤᠯᠤᠬᠰᠠᠨ ᠬᠠᠮᠢᠶᠠᠷᠦᠯᠳᠠ ᠶᠢᠨ ᠠᠵᠢᠯ ᠢ ᠠᠬᠢᠭᠤᠯᠬᠤ ᠳᠤ ᠰᠢᠨ᠎ᠠ | ᠠᠮᠢᠵᠢᠷᠠᠯ ᠤᠨ ᠬᠦᠴᠦᠨ ᠤᠯᠭᠤᠬᠰᠠᠨ ᠪᠠᠶᠢᠨ᠎ᠠ᠃ | ᠡᠨᠡ ᠵᠢᠯ ᠠᠴᠠ ᠨᠠᠭᠠᠰᠢ᠂ ᠵᠠᠯᠠᠶᠢᠳ ᠬᠤᠰᠢᠭᠤ ᠬᠦᠳᠡᠭᠡ ᠲᠤᠰᠬᠤᠨ ᠤ ᠡᠷᠡᠬᠦᠯ ᠬᠠᠮᠠᠭᠠᠯᠠᠯ ᠤᠨ | ᠦᠢᠯᠡᠴᠢᠯᠡᠬᠡᠨ ᠤ ᠨᠢᠬᠡ ᠴᠤᠬᠴᠠᠵᠢᠭᠤᠯᠤᠬᠰᠠᠨ ᠬᠠᠮᠢᠶᠠᠷᠦᠯᠳᠠ ᠶᠢᠨ ᠠᠵᠢᠯ ᠢ ᠪᠦᠬᠦ ᠲᠠᠯ᠎ᠠ ᠪᠠᠷ ᠦᠷᠨᠢᠬᠦᠯᠵᠦ᠂ ︽ | ᠨᠢᠬᠡ ᠲᠤᠰᠬᠤᠨ ᠨᠢᠬᠡ ᠡᠷᠡᠬᠦᠯ ᠬᠠᠮᠠᠭᠠᠯᠠᠯ ᠤᠨ ᠲᠠᠰᠤᠭ ᠨᠢᠬᠡ ᠡᠮᠴᠢ ᠲᠠᠢ ᠪᠠᠶᠢᠬᠤ︾ ᠱᠠᠭᠠᠷᠳᠠᠯᠭ᠎ᠠ ᠶᠤᠰᠤᠭᠠᠷ | ᠭᠠᠴᠠᠭ᠎ᠠ ᠲᠤᠰᠬᠤᠨ ᠤ ᠡᠮᠴᠢ ᠶᠢ ᠨᠡᠶᠢᠳᠡ 176 ᠨᠡᠷᠡᠰ ᠲᠠᠬᠢᠨ ᠰᠤᠩᠭᠤᠨ ᠲᠤᠮᠢᠯᠠᠵᠦ᠂ ᠬᠦᠳᠡᠭᠡ ᠲᠤᠰᠬᠤᠨ ᠤ | ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠨᠢᠬᠡ ᠴᠤᠬᠴᠠᠵᠢᠭᠤᠯᠤᠬᠰᠠᠨ ᠬᠠᠮᠢᠶᠠᠷᠦᠯᠳᠠ ᠶᠢ ᠲᠤᠭᠤᠰᠢᠯᠠᠭᠤᠯᠵᠠᠢ᠃ | ᠪᠠᠰᠠ ᠨᠢᠬᠡ ᠴᠤᠬᠴᠠᠵᠢᠭᠤᠯᠤᠬᠰᠠᠨ ᠬᠠᠮᠢᠶᠠᠷᠦᠯᠳᠠ ᠳᠤ ᠤᠷᠤᠭᠤᠯᠤᠬᠰᠠᠨ ᠭᠠᠴᠠᠭ᠎ᠠ ᠲᠤᠰᠬᠤᠨ ᠤ ᠡᠷᠡᠬᠦᠯ | ᠬᠠᠮᠠᠭᠠᠯᠠᠯ ᠤᠨ ᠲᠠᠰᠤᠭ ᠲᠤ ᠵᠠᠰᠠᠭ ᠵᠠᠬᠢᠷᠭᠠᠨ᠂ ᠠᠵᠢᠯᠳᠠᠨ᠂ ᠲᠤᠬᠠᠶᠢᠯᠠᠬᠰᠠᠨ ᠠᠵᠢᠯ᠂ ᠡᠳ᠋ ᠤᠨ ᠶᠠᠪᠤᠳᠠᠯ᠂ | ᠠᠮᠵᠢᠯᠳᠠ ᠪᠦᠳᠦᠬᠡᠯ ᠢᠶᠠᠷ ᠬᠢᠨᠠᠨ ᠰᠢᠯᠭᠠᠬᠤ ᠨᠢᠬᠡᠳᠦᠯᠳᠡᠢ ᠬᠠᠮᠢᠶᠠᠷᠦᠯᠳᠠ ᠶᠢ ᠬᠡᠷᠡᠭᠵᠢᠬᠦᠯᠵᠡᠢ᠃ ᠪᠠᠰᠠ | ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢ ᠬᠤᠶᠠᠷ ᠵᠤᠬᠢᠶᠠᠨ ᠪᠠᠶᠢᠭᠤᠯᠤᠨ ︽ | ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠤᠨ ᠠᠵᠢᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾ | ︽ᠡᠮᠴᠢᠯᠡᠬᠡᠨ ᠤ ᠬᠠᠮᠳᠤ ᠶᠢᠨ ᠴᠤᠬᠴᠠ ᠶᠢᠨ ᠬᠡᠷ ᠪᠦᠯᠢ ᠶᠢᠨ ᠡᠮᠴᠢ ᠶᠢᠨ ᠵᠦᠪᠯᠡᠯᠴᠡᠭᠡᠷ ᠲᠤᠬᠳᠠᠬᠤ | ᠦᠢᠯᠡᠴᠢᠯᠡᠬᠡᠨ ᠤ ᠶᠠᠪᠤᠴᠠ ᠶᠢᠨ ᠵᠢᠷᠤᠭ︾ ︽ᠠᠷᠬᠠᠭ ᠡᠪᠡᠳᠴᠢᠨ ᠲᠠᠢ ᠡᠪᠡᠳᠴᠢᠳᠡᠨ ᠤ ᠬᠠᠮᠢᠶᠠᠷᠦᠯᠳᠠ ᠶᠢᠨ | ᠶᠠᠪᠤᠴᠠ ᠶᠢᠨ ᠵᠢᠷᠤᠭ︾ ᠪᠠ ᠬᠠᠷᠢᠶᠠᠳᠤ ᠤᠷᠤᠨ ᠤ ᠠᠷᠬᠠᠭ ᠡᠪᠡᠳᠴᠢᠨ ᠲᠠᠢ ᠬᠦᠮᠦᠰ ᠤᠨ ᠬᠠᠮᠢᠶᠠᠷᠦᠯᠳᠠ ᠶᠢᠨ | ᠠᠷᠭ᠎ᠠ ᠶᠢ ᠰᠤᠳᠤᠯᠤᠨ ᠲᠤᠬᠳᠠᠭᠠᠵᠦ᠂ ᠬᠡᠷ ᠪᠦᠯᠢ ᠶᠢᠨ ᠡᠮᠴᠢ ᠶᠢ 218 ᠵᠤᠬᠢᠶᠠᠨ ᠪᠠᠶᠢᠭᠤᠯᠵᠦ᠂ ᠪᠠᠶᠢᠡᠭᠭᠤ | ᠰᠠᠭᠤᠭ᠎ᠠ 24.4 ᠲᠦᠮᠡᠨ ᠬᠦᠮᠦᠨ ᠠᠮᠠ ᠲᠠᠢ ᠵᠦᠪᠯᠡᠯᠴᠡᠭᠡᠷ ᠲᠤᠬᠳᠠᠵᠦ᠂ ᠠᠷᠬᠠᠭ ᠡᠪᠡᠳᠴᠢᠨ ᠲᠠᠢ ᠬᠦᠮᠦᠰ ᠢ | ᠲᠡᠰ ᠬᠤᠪᠢᠶᠠᠨ ᠤᠨᠤᠰᠢᠯᠠᠬᠤ ᠪᠠ ᠡᠷᠡᠬᠦᠯ ᠮᠡᠨᠳᠤ ᠶᠢᠨ ᠬᠠᠮᠢᠶᠠᠷᠦᠯᠳᠠ ᠬᠢᠵᠦ᠂ ᠬᠤᠰᠢᠭᠤ ᠰᠤᠮᠤ ︵ᠰᠢᠶᠠᠩ | ᠪᠠᠯᠭᠠᠰᠦ︶ ᠭᠠᠴᠠᠭ᠎ᠠ ᠲᠤᠰᠬᠤᠨ ᠤ ᠭᠤᠷᠪᠠᠨ ᠲᠡᠰ ᠤᠨ ᠲᠤᠤᠷᠵᠢᠭᠤᠯᠤᠬᠰᠠᠨ ᠡᠷᠡᠬᠦᠯ ᠮᠡᠨᠳᠤ ᠶᠢᠨ | ᠬᠠᠮᠢᠶᠠᠷᠦᠯᠳᠠ ᠶᠢᠨ ᠠᠵᠢᠯ ᠤᠨ ᠪᠠᠶᠢᠷᠢᠰᠢᠭᠤᠯᠤᠯᠳᠠ ᠶᠢ ᠪᠦᠷᠢᠯᠳᠦᠭᠦᠯᠵᠠᠢ᠃ ᠪᠠᠰᠠ ᠡᠮᠴᠢᠯᠡᠬᠡᠨ ᠤ ᠬᠠᠮᠳᠤ ᠶᠢᠨ | ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠡᠷᠡᠬᠦᠯ ᠮᠡᠨᠳᠤ ᠶᠢ ᠠᠬᠢᠭᠤᠯᠬᠤ ᠭᠠᠵᠠᠷ᠂ ᠠᠷᠬᠠᠭ | ᠡᠪᠡᠳᠴᠢᠨ ᠤ ᠬᠠᠮᠢᠶᠠᠷᠦᠯᠳᠠ ᠶᠢᠨ ᠲᠦᠪ᠂ ᠬᠤᠪᠢᠶᠠᠷᠢ ᠡᠮᠨᠡᠯᠬᠡ ᠶᠢᠨ ᠬᠤᠷᠢᠶ᠎ᠠ ᠶᠢᠨ ᠲᠠᠷᠤᠭ᠎ᠠ᠂ ᠠᠷᠬᠠᠭ | ᠡᠪᠡᠳᠴᠢᠨ ᠢ ᠨᠢᠬᠡ ᠴᠤᠬᠴᠠᠵᠢᠭᠤᠯᠤᠬᠰᠠᠨ ᠡᠬᠦᠳᠡᠨ ᠡᠮᠨᠡᠯᠬᠡ᠂ ᠨᠢᠬᠡ ᠴᠤᠬᠴᠠᠵᠢᠭᠤᠯᠤᠬᠰᠠᠨ ᠭᠠᠴᠠᠭ᠎ᠠ | ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠤᠨ ᠲᠤᠰᠬᠤᠨ ᠤ ᠡᠮᠴᠢ ᠵᠡᠷᠭᠡ 316 ᠬᠦᠮᠦᠨ ᠢ ᠵᠤᠬᠢᠶᠠᠨ | ᠪᠠᠶᠢᠭᠤᠯᠵᠦ᠂ ᠪᠦᠬᠦ ᠬᠤᠰᠢᠭᠤᠨ ᠤ ᠦᠨᠳᠦᠰᠦᠨ ᠱᠠᠳᠦᠨ ᠤ ᠡᠷᠡᠬᠦᠯ ᠬᠠᠮᠠᠭᠠᠯᠠᠯ ᠤᠨ ᠲᠤᠬᠠᠶᠢᠯᠠᠬᠰᠠᠨ | ᠠᠵᠢᠯᠳᠠᠳ ᠲᠤ ᠪᠤᠯᠪᠠᠰᠦᠷᠠᠯ ᠬᠦᠷᠳᠡᠭᠡᠵᠦ᠂ ᠡᠮᠴᠢᠯᠡᠬᠡᠨ ᠤ ᠬᠠᠮᠳᠤ ᠶᠢᠨ ᠴᠤᠬᠴᠠ ᠶᠢᠨ ᠵᠠᠬᠪᠦᠷ ᠲᠤᠤᠷ᠎ᠠ ᠬᠡᠷ | ᠪᠦᠯᠢ ᠶᠢᠨ ᠡᠮᠴᠢ ᠶᠢᠨ ᠵᠦᠪᠯᠡᠯᠴᠡᠭᠡᠷ ᠲᠤᠬᠳᠠᠬᠤ ᠦᠢᠯᠡᠴᠢᠯᠡᠭᠡ ᠶᠢ ᠬᠡᠷᠬᠢᠨ ᠪᠡᠶᠡᠯᠡᠬᠦᠯᠬᠦ ᠪᠠ ᠠᠷᠬᠠᠭ ᠡᠪᠡᠳᠴᠢᠨ ᠤ | ᠪᠢᠳᠡᠬᠦᠮᠵᠢᠯᠡᠭᠰᠡᠨ ᠡᠷᠡᠬᠦᠯ ᠮᠡᠨᠳᠤ ᠶᠢᠨ ᠬᠠᠮᠢᠶᠠᠷᠦᠯᠳᠠ ᠶᠢᠨ ᠲᠤᠬᠠᠢ ᠨᠠᠷᠢᠯᠢᠭ ᠲᠠᠶᠢᠯᠪᠦᠷᠢᠯᠠᠵᠦ᠂ ᠡᠮᠴᠢᠯᠡᠬᠡᠨ ᠤ | ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ᠂ ᠬᠤᠪᠢᠶᠠᠷᠢ ᠡᠮᠨᠡᠯᠬᠡ ᠶᠢᠨ ᠬᠤᠷᠢᠶ᠎ᠠ᠂ ᠨᠢᠬᠡ | ᠴᠤᠬᠴᠠᠵᠢᠭᠤᠯᠤᠬᠰᠠᠨ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠤᠨ ᠡᠮᠴᠢ ᠶᠢᠨ ᠡᠬᠦᠷᠭᠡ | ᠬᠠᠷᠢᠭᠤᠴᠠᠯᠭ᠎ᠠ ᠴᠢᠳᠠᠪᠬᠢ ᠵᠡᠷᠭᠡ ᠠᠭᠤᠯᠭ᠎ᠠ ᠶᠢ ᠲᠤᠳᠤᠷᠬᠠᠶᠢᠯᠠᠪᠠ᠃ | |