ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠮᠢ | ᠠᠬᠤᠶ ᠶᠢᠨ ᠪᠣᠯᠪᠠᠰᠤᠨ ᠪᠠ ᠠᠵᠤ ᠠᠬᠤᠶ ᠨᠡᠶᠢᠭᠡᠮ ᠤᠨ ᠪᠥᠬᠦ ᠲᠠᠯ᠎ᠠ ᠶᠢᠨ ᠵᠣᠬᠢᠴᠠᠩᠭᠤᠶ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ | ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠯᠭᠦᠭᠦ ᠲᠦᠷᠢᠮ︾ ᠵᠡᠷᠭᠡ ᠬᠠᠮᠢᠶ᠎ᠠ ᠪᠥᠬᠦᠶ | ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠥᠬᠦᠶ | ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠪᠦᠬᠦ ᠬᠤᠰᠢᠭᠤᠨ ᠤ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ᠂ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠬᠤᠪᠢᠶᠠᠷᠢᠯᠠᠯ | 1. ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠪᠦᠰᠡ᠄ ᠨᠤᠨᠮᠦ᠋ᠷᠡᠨ ᠰᠢᠶᠠᠩ᠂ ᠪᠠᠶᠠᠨᠭᠤᠣᠯ ᠪᠠᠯᠭᠠᠰᠤ᠂ | ᠬᠤᠯᠪᠣᠭ᠎ᠠ ᠪᠠᠯᠭᠠᠰᠤ᠂ ᠲᠡᠮᠡᠭᠡᠴᠢ ᠪᠠᠯᠭᠠᠰᠤ᠂ ᠪᠠᠶᠠᠨᠵᠢᠯᠠᠭ᠎ᠠ ᠪᠠᠯᠭᠠᠰᠤ᠂ ᠢᠨᠳᠡᠷ ᠪᠠᠯᠭᠠᠰᠤ ︵ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠣᠷᠣᠨ ᠠᠴᠠ ᠭᠠᠳᠠᠨ᠎ᠠ︶᠂ ᠥᠪᠡᠷᠲᠡᠭᠡᠨ ᠵᠠᠰᠠᠬᠤ ᠣᠷᠣᠨ ᠤ ᠭᠢᠨᠳᠠᠨ ᠤ | ᠬᠠᠮᠢᠶᠠᠷᠤᠯᠲᠠ ᠶᠢᠨ ᠲᠣᠪᠴᠢᠶ᠎ᠠ ᠶᠢᠨ ᠵᠡᠭᠦᠨ ᠬᠡᠰᠡᠭ ᠲᠠᠬᠢ ᠬᠤᠪᠢᠶᠠᠷᠢ ᠲᠣᠪᠴᠢᠶ᠎ᠠ᠂ ᠶᠤᠸᠠᠢ ᠶᠢᠨ ᠠᠳᠤᠭᠤᠨ | ᠲᠠᠯᠠᠪᠠᠶ᠂ ᠲᠡᠮᠡᠭᠡᠴᠢ ᠬᠤᠤᠷ ᠲᠠᠲᠠᠬᠤ ᠶᠢ ᠵᠣᠭᠰᠣᠭᠠᠬᠤ ᠭᠠᠵᠠᠷ᠂ ᠪᠠᠳᠠᠷᠠᠬᠤ ᠲᠠᠷᠢᠶᠠᠯᠠᠩ ᠤᠨ ᠲᠠᠯᠠᠪᠠᠶ᠂ ᠪᠠ ᠢ | ᠮᠠᠯᠵᠢᠯ ᠤᠨ ᠲᠠᠯᠠᠪᠠᠶ ᠂ ᠠᠯᠳᠠᠷᠳᠤ ᠰᠤᠮᠤ ᠶᠢᠨ ᠤᠯᠠᠭᠠᠨᠮᠣᠳᠣ ᠭᠠᠴᠠᠭ᠎ᠠ᠂ ᠡᠭᠦᠯᠳᠡᠷ ᠤᠨ ᠮᠠᠯ ᠢ ᠦᠷᠡᠵᠢᠭᠦᠯᠭᠦ | ᠲᠥᠪ ᠤᠨ ᠲᠠᠰᠢ ᠭᠠᠴᠠᠭ᠎ᠠ ᠳᠤ ᠪᠦᠬᠦ ᠵᠢᠯ ᠤᠨ ᠪᠡᠯᠴᠢᠭᠡᠷᠯᠡᠭᠦᠯᠬᠦ ᠶᠢ ᠵᠤᠭᠰᠤᠭᠠᠬᠤ ᠶᠢ ᠬᠡᠷᠡᠭᠵᠢᠭᠦᠯᠦᠨ᠎ᠡ᠃ ᠵᠢᠯ | ᠪᠦᠷᠢ ᠶᠢᠨ 10 ᠳ᠋ᠤᠭᠠᠷ ᠰᠠᠷ᠎ᠠ ᠶᠢᠨ 1 ᠤ ᠡᠳᠦᠷ ᠠᠴᠠ ᠳᠠᠷᠠᠭ᠎ᠠ ᠵᠢᠯ ᠤᠨ ᠬᠢᠨᠢ 4 ᠳ᠋ᠦ᠋ᠭᠡᠷ ᠰᠠᠷ᠎ᠠ ᠶᠢᠨ 20 ᠤ | ᠡᠳᠦᠷ ᠪᠣᠯᠲᠠᠯ᠎ᠠ ᠲᠠᠷᠢᠶᠠᠨ ᠭᠠᠵᠠᠷ ᠲᠤ ᠪᠡᠯᠴᠢᠭᠡᠷᠯᠡᠭᠦᠯᠵᠤ ᠪᠣᠯᠤᠨ᠎ᠠ᠂ ᠭᠡᠪᠡᠴᠦ ᠣᠶᠢᠲᠤ ᠭᠠᠵᠠᠷ ᠨᠤᠲᠤᠭ | ᠪᠡᠯᠴᠢᠭᠡᠷ ᠲᠤ ᠣᠷᠣᠵᠤ ᠮᠠᠯ ᠪᠡᠯᠴᠢᠭᠡᠷᠯᠡᠭᠦᠯᠵᠤ ᠪᠣᠯᠬᠤ ᠦᠭᠡᠢ᠃ | 2. ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠪᠦᠰᠡ᠄ ᠪᠤᠯᠭᠠᠨᠬᠤᠸᠠ ᠰᠤᠮᠤ᠂ ᠬᠦᠷᠡᠯ | ᠪᠠᠯᠭᠠᠰᠤ᠂ ᠠᠯᠳᠠᠷᠳᠤ ᠰᠤᠮᠤ ︵ᠤᠯᠠᠭᠠᠨᠮᠣᠳᠣ ᠭᠠᠴᠠᠭ᠎ᠠ ᠠᠴᠠ ᠭᠠᠳᠠᠨ᠎ᠠ︶᠂ ᠪᠠᠳᠠᠷᠠᠬᠤ ᠪᠠᠯᠭᠠᠰᠤ᠂ ᠪᠠᠶ᠋ᠬᠠᠤᠯᠠᠭᠠᠨ | ᠰᠤᠮᠤ ᠂ ᠠᠷᠪᠡᠨᠭᠡᠷ ᠪᠠᠯᠭᠠᠰᠤ᠂ ᠡᠭᠦᠯᠳᠡᠷ ᠤᠨ ᠮᠠᠯ ᠢ ᠦᠷᠡᠵᠢᠭᠦᠯᠭᠦ ᠲᠥᠪ ︵ᠲᠠᠰᠢ ᠭᠠᠴᠠᠭ᠎ᠠ ᠠᠴᠠ ᠭᠠᠳᠠᠨ᠎ᠠ︶᠂ | ᠰᠣᠯᠣᠨ ᠮᠠᠯᠵᠢᠯ ᠤᠨ ᠲᠠᠯᠠᠪᠠᠢ᠂ ᠢᠨᠳᠡᠷ ᠪᠠᠯᠭᠠᠰᠤ ᠶᠢᠨ ᠠᠯᠲᠠᠨᠬᠤᠸᠠ᠂ ᠪᠠᠶᠠᠨᠵᠢᠯᠠᠭ᠎ᠠ᠂ ᠴᠢᠬᠢᠳᠣ᠂ ᠮᠠᠯᠣᠷᠳᠤ᠂ | ᠪᠠᠶᠠᠨᠬᠤᠸᠠ᠂ ᠴᠠᠭᠠᠨ᠂ ᠰᠢᠶᠠᠨ ᠭᠤᠸᠠᠩ᠂ ᠴᠢᠤᠸᠠᠨ ᠵᠢᠢ ᠂ ᠰᠢᠩ ᠬᠤᠸᠠ᠂ ᠬᠤᠩ ᠴᠢ᠂ ᠮᠦᠯᠢᠭᠡᠷ | ᠭᠠᠴᠠᠭ᠎ᠠ ᠶᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠢᠶᠠᠷ ᠲᠣᠭᠲᠠᠭᠠᠪᠠ᠃ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠣᠷᠣᠨ ᠨᠤᠭᠤᠳ ᠬᠢᠨᠠᠨ ᠲᠣᠭᠲᠠᠭᠠᠬᠤ ᠳᠤ ᠲᠣᠬᠢᠷᠠᠬᠤ ᠪᠡᠯᠴᠢᠭᠡᠷ ᠤᠨ ᠬᠡᠮᠵᠢᠶ᠎ᠡ ᠶᠢ | ᠦᠨᠳᠦᠰᠦᠯᠡᠨ ᠬᠠᠮᠢᠶᠠᠷᠤᠨ ᠡᠵᠡᠮᠳᠡᠵᠦ᠂ ᠳᠠᠭᠠᠭᠠᠴᠠ ᠠᠴᠠ ᠬᠡᠲᠦᠷᠡᠳᠡᠯ᠎ᠡ ᠮᠠᠯᠵᠢᠬᠤ ᠶᠢ ᠴᠢᠩᠭ᠎ᠠ ᠴᠠᠭᠠᠵᠠᠯᠠᠵᠤ᠂ | ᠪᠡᠯᠴᠢᠭᠡᠷ ᠢ ᠰᠡᠯᠭᠦᠭᠦ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠣᠷᠣᠨ ᠳᠤ ᠵᠢᠯ ᠪᠦᠷᠢ ᠶᠢᠨ 4 ᠳ᠋ᠦ᠋ᠭᠡᠷ ᠰᠠᠷ᠎ᠠ ᠶᠢᠨ 21 ᠤ ᠡᠳᠦᠷ ᠠᠴᠠ 6 ᠳ᠋ᠤᠭᠠᠷ ᠰᠠᠷ᠎ᠠ ᠶᠢᠨ 30 ᠤ | ᠡᠳᠦᠷ ᠪᠣᠯᠲᠠᠯ᠎ᠠ ᠡᠪᠡᠰᠦ ᠪᠡᠯᠴᠢᠭᠡᠷ ᠤᠨ ᠤᠷᠭᠤᠴᠠ ᠬᠡᠪᠡᠷᠡᠭ ᠬᠤᠭᠤᠴᠠᠭ᠎ᠠ ᠪᠠᠶᠢᠵᠤ᠂ ᠰᠡᠯᠭᠦᠨ ᠮᠠᠯᠵᠢᠬᠤ ᠶᠢ | ᠬᠡᠷᠡᠭᠵᠢᠭᠦᠯᠦᠨ᠎ᠡ︔ 7 ᠳ᠋ᠤᠭᠠᠷ ᠰᠠᠷ᠎ᠠ ᠶᠢᠨ 1 ᠤ ᠡᠳᠦᠷ ᠠᠴᠠ ᠳᠠᠷᠠᠭ᠎ᠠ ᠵᠢᠯ ᠤᠨ ᠬᠢᠨᠢ 4 ᠳ᠋ᠦ᠋ᠭᠡᠷ ᠰᠠᠷ᠎ᠠ ᠶᠢᠨ | 20 ᠤ ᠡᠳᠦᠷ ᠪᠣᠯᠲᠠᠯ᠎ᠠ᠂ ᠬᠢᠨᠠᠨ ᠲᠣᠭᠲᠠᠭᠠᠭᠰᠠᠨ ᠪᠡᠯᠴᠢᠭᠡᠷ ᠤᠨ ᠳᠠᠭᠠᠭᠠᠴᠠ ᠶᠢ ᠦᠨᠳᠦᠰᠦᠯᠡᠨ ᠨᠤᠲᠤᠭ | ᠪᠡᠯᠴᠢᠭᠡᠷ ᠤᠨ ᠳᠠᠭᠠᠭᠠᠴᠠ ᠶᠢ ᠲᠣᠭᠲᠠᠭᠠᠵᠤ᠂ ᠵᠦᠢ ᠵᠣᠬᠢᠰᠲᠠᠢ ᠪᠠᠷ ᠮᠠᠯ ᠮᠠᠯᠯᠠᠨ᠎ᠠ᠃ | ᠬᠤᠶᠠᠷ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠪᠠᠶᠢᠭᠠᠯᠢ ᠶᠢᠨ ᠨᠤᠲᠤᠭ ᠪᠡᠯᠴᠢᠭᠡᠷ ᠨᠢ | ᠪᠡᠯᠴᠢᠭᠡᠷ ᠤᠨ ᠳᠠᠭᠠᠭᠠᠴᠠ ᠳᠤ ᠲᠣᠬᠢᠷᠠᠬᠤ ᠪᠠᠷᠢᠮᠵᠢᠶ᠎ᠠ | ᠮᠠᠨ ᠤ ᠬᠤᠰᠢᠭᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ | ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠳᠤᠮᠳᠠ᠂ 206.72 ᠲᠦᠮᠡᠨ ᠮᠥ | ᠪᠠᠶᠢᠭᠠᠯᠢ ᠶᠢᠨ ᠨᠤᠲᠤᠭ ᠪᠡᠯᠴᠢᠭᠡᠷ ᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠢᠶᠠᠷ ᠵᠠᠭᠠᠭᠯᠠᠨ | ᠲᠣᠭᠲᠠᠭᠠᠵᠤ᠂ 9 ᠰᠤᠮᠤ ᠰᠢᠶᠠᠩ ᠪᠠᠯᠭᠠᠰᠤ ︵ᠲᠥᠪ᠂ ᠬᠤᠰᠢᠭᠤᠨ ᠳᠤ ᠰᠠᠭᠤᠭ᠎ᠠ ᠨᠢᠭᠡᠴᠢ︶ ᠳᠤ ᠬᠤᠯᠪᠣᠭᠳᠠᠵᠠᠶ | ᠃ ᠪᠤᠯᠭᠠᠨᠬᠤᠸᠠ ᠰᠤᠮᠤ ︵174163.85 ᠮᠥ︶᠂ ᠬᠦᠷᠡᠯ ᠪᠠᠯᠭᠠᠰᠤ ︵35622.11 ᠮᠥ︶᠂ ᠠᠯᠳᠠᠷᠳᠤ | ᠰᠤᠮᠤ ︵214369.47 ᠮᠥ︶᠂ ᠪᠠᠳᠠᠷᠠᠬᠤ ᠰᠤᠮᠤ ︵322471.7 ᠮᠥ︶᠂ ᠪᠠᠶ᠋ᠬᠠᠤᠯᠠᠭᠠᠨ ᠰᠤᠮᠤ ︵ | 341746.77 ᠮᠥ︶᠂ ᠠᠷᠪᠡᠨᠭᠡᠷ ᠪᠠᠯᠭᠠᠰᠤ ︵184051.08 ᠮᠥ︶᠂ ᠡᠭᠦᠯᠳᠡᠷ ᠤᠨ ᠮᠠᠯ ᠢ ᠦᠷᠡᠵᠢᠭᠦᠯᠭᠦ | ᠲᠥᠪ ︵270719.16 ᠮᠥ︶᠂ ᠢᠨᠳᠡᠷ ᠪᠠᠯᠭᠠᠰᠤ ︵ᠠᠯᠲᠠᠨᠬᠤᠸᠠ᠂ ᠪᠠᠶᠠᠨᠵᠢᠯᠠᠭ᠎ᠠ᠂ ᠴᠢᠬᠢᠳᠣ᠂ ᠮᠠᠯᠣᠷᠳᠤ᠂ | ᠪᠠᠶᠠᠨᠬᠤᠸᠠ᠂ ᠴᠠᠭᠠᠨ᠂ ᠰᠢᠶᠠᠨ ᠭᠤᠸᠠᠩ᠂ ᠴᠢᠤᠸᠠᠨ ᠵᠢᠢ ᠂ ᠰᠢᠩ ᠬᠤᠸᠠ᠂ ᠬᠤᠩ ᠴᠢ᠂ ᠮᠦᠯᠢᠭᠡᠷ | ᠭᠠᠴᠠᠭ᠎ᠠ︶ ︵84692.39 ᠮᠥ︶ ᠪᠤᠯᠤᠨ᠎ᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠪᠠ ᠪᠡᠯᠴᠢᠭᠡᠷᠯᠡᠭᠦᠯᠬᠦ ᠶᠢ ᠵᠣᠭᠰᠣᠭᠠᠵᠣ ᠪᠡᠯᠴᠢᠭᠡᠷ ᠢ ᠰᠡᠯᠭᠦᠬᠦ ᠳᠦᠷᠢᠮ︾ ᠤᠨ ᠲᠣᠭᠲᠠᠭᠠᠯ ᠢ ᠦᠨᠳᠦᠰᠦᠯᠡᠨ᠂ | ᠮᠠᠨ ᠤ ᠬᠤᠰᠢᠭᠤᠨ ᠤ 2023 ᠣᠨ ᠤ ᠨᠤᠲᠤᠭ ᠪᠡᠯᠴᠢᠭᠡᠷ ᠤᠨ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ᠂ | ᠨᠤᠲᠤᠭ ᠪᠡᠯᠴᠢᠭᠡᠷ ᠤᠨ ᠲᠠᠯᠠᠪᠠᠢ᠂ ᠲᠥᠷᠥᠯ ᠬᠡᠯᠪᠡᠷᠢ᠂ ᠡᠪᠡᠰᠦᠨ ᠤ ᠭᠠᠷᠤᠯᠲᠠ ᠶᠢᠨ ᠬᠡᠮᠵᠢᠶ᠎ᠡ ᠵᠡᠷᠭᠡ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠪᠡᠯᠴᠢᠭᠡᠷ ᠤᠨ ᠳᠠᠭᠠᠭᠠᠴᠠ ᠳᠤ ᠲᠣᠬᠢᠷᠠᠬᠤ ᠪᠡᠯᠴᠢᠭᠡᠷ ᠤᠨ ᠳᠠᠭᠠᠭᠠᠴᠠ ︵ | ᠪᠠᠷᠢᠮᠵᠢᠶ᠎ᠠ︶ ᠪᠠᠷ ᠯᠠᠪᠯᠠᠯᠲᠠ ᠪᠣᠯᠭᠠᠨ ᠪᠤᠳᠤᠵᠤ᠂ ᠮᠠᠨ ᠤ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠣᠷᠣᠨ ᠤ ᠪᠠᠶᠢᠭᠠᠯᠢ ᠶᠢᠨ ᠨᠤᠲᠤᠭ ᠪᠡᠯᠴᠢᠭᠡᠷ ᠤᠨ ᠳᠠᠭᠠᠭᠠᠴᠠ ᠳᠤ ᠲᠣᠬᠢᠷᠠᠬᠤ ᠪᠡᠯᠴᠢᠭᠡᠷ ᠤᠨ | ᠳᠠᠭᠠᠭᠠᠴᠠ ᠶᠢᠨ ᠬᠡᠮᠵᠢᠶ᠎ᠡ ᠨᠢ 17.87 ᠮᠦ / ᠬᠤᠨᠢᠨ ᠤ ᠨᠢᠭᠡᠴᠢ ︵2023 ᠣᠨ ᠤ ᠨᠤᠲᠤᠭ ᠪᠡᠯᠴᠢᠭᠡᠷ ᠤᠨ | ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢᠨ ᠲᠣᠭᠠᠴᠠᠭ᠎ᠠ︶᠂ ᠲᠠᠷᠢᠮᠠᠯ ᠪᠡᠯᠴᠢᠭᠡᠷ ︵ᠲᠠᠷᠢᠶᠠᠯᠠᠬᠤ ᠶᠢ ᠵᠣᠭᠰᠣᠭᠠᠵᠤ | ᠪᠡᠯᠴᠢᠭᠡᠷ ᠢ ᠰᠡᠷᠭᠦᠭᠡᠵᠦ᠂ ᠥᠨᠳᠥᠷ ᠪᠠᠷᠢᠮᠵᠢᠶᠠᠲᠤ ᠬᠢᠶᠠᠭ ᠪᠤᠯᠤᠨ ᠴᠠᠷᠭᠠᠰᠤ ᠶᠢᠨ ᠲᠡᠵᠢᠭᠡᠯ ᠡᠪᠡᠰᠦ ᠶᠢᠨ ᠭᠠᠵᠠᠷ︶ | ᠤᠨ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠨᠢ 1.5 ᠮᠦ / ᠬᠤᠨᠢᠨ ᠤ ᠨᠢᠭᠡᠴᠢ ᠪᠣᠯᠤᠨ᠎ᠠ᠃ ᠡᠭᠦᠨ ᠳᠤ ᠨᠢᠭᠡ | ᠮᠣᠷᠢ ᠶᠢ ᠨᠤᠭᠤᠯᠤᠨ ᠪᠤᠳᠤᠵᠤ 6 ᠬᠤᠨᠢᠨ ᠤ ᠨᠢᠭᠡᠴᠢ᠂ ᠨᠢᠭᠡ ᠦᠬᠡᠷ ᠢ ᠨᠤᠭᠤᠯᠤᠨ ᠪᠤᠳᠤᠵᠤ 5 ᠬᠤᠨᠢᠨ ᠤ | ᠨᠢᠭᠡᠴᠢ᠂ ᠨᠢᠭᠡ ᠲᠡᠮᠡᠭᠡ ᠶᠢ ᠨᠤᠭᠤᠯᠤᠨ ᠪᠤᠳᠤᠵᠤ 8 ᠬᠤᠨᠢᠨ ᠤ ᠨᠢᠭᠡᠴᠢ᠂ ᠨᠢᠭᠡ ᠡᠯᠵᠢᠭᠡ ︵ᠯᠠᠭᠤᠰᠠ︶ ᠶᠢ 3 | ᠬᠤᠨᠢᠨ ᠤ ᠨᠢᠭᠡᠴᠢ ᠪᠠᠷ ᠨᠤᠭᠤᠯᠤᠨ ᠪᠤᠳᠤᠪᠠ᠃ ᠲᠤᠰ ᠵᠢᠯ ᠳᠤ ᠬᠤᠨᠢ ᠢᠮᠠᠭᠠᠨ ᠤ ᠲᠦᠯ ᠢ ᠠᠳᠠᠯᠢ ᠲᠥᠷᠥᠯ ᠤᠨ | ᠨᠠᠰᠤᠨ ᠳᠤ ᠬᠦᠷᠦᠭᠰᠡᠨ ᠮᠠᠯ ᠤᠨ 0.6 ᠪᠠᠷ ᠨᠤᠭᠤᠯᠤᠨ ᠪᠤᠳᠤᠵᠤ᠂ ᠦᠬᠡᠷ᠂ ᠮᠣᠷᠢ᠂ ᠡᠯᠵᠢᠭᠡ᠂ ᠯᠠᠭᠤᠰᠠ᠂ | ᠲᠡᠮᠡᠭᠡ ᠶᠢᠨ ᠲᠦᠯ ᠢ ᠮᠦᠨ ᠠᠳᠠᠯᠢ ᠲᠥᠷᠥᠯ ᠤᠨ ᠨᠠᠰᠤᠨ ᠳᠤ ᠬᠦᠷᠦᠭᠰᠡᠨ ᠮᠠᠯ ᠤᠨ 0.3 ᠪᠠᠷ ᠨᠤᠭᠤᠯᠤᠨ | ᠪᠣᠳᠣᠵᠠᠢ᠃ | ᠭᠤᠷᠪᠠ᠂ ᠬᠤᠯᠪᠣᠭᠳᠠᠬᠤ ᠰᠢᠢᠳᠬᠡᠨ ᠲᠣᠷᠭᠠᠬᠤ ᠪᠠᠷᠢᠮᠵᠢᠶ᠎ᠠ | ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠰᠡᠨ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠭᠰᠡᠨ | ᠵᠡᠷᠭᠡ ᠦᠢᠯᠡ ᠠᠵᠢᠯᠯᠠᠭ᠎ᠠ ᠳᠤ ᠡᠯ᠎ᠡ ᠰᠢᠶᠠᠩ ᠪᠠᠯᠭᠠᠰᠤ ᠰᠤᠮᠤ ︵ᠲᠥᠪ︶ ᠨᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ | ᠵᠤᠭᠰᠤᠭᠠᠬᠤ ᠪᠡᠯᠴᠢᠭᠡᠷ ᠢ ᠰᠡᠯᠭᠦᠬᠦ ᠲᠦᠷᠢᠮ︾ ᠤᠨ ᠲᠣᠭᠲᠠᠭᠠᠯ ᠢ ᠦᠨᠳᠦᠰᠦᠯᠡᠨ ᠵᠣᠬᠢᠴᠠᠩᠭᠤᠶ ᠪᠠᠷ | ᠰᠢᠢᠳᠪᠦᠷᠢᠯᠡᠨ᠎ᠡ᠃ | ᠳᠥᠷᠪᠡ᠂ ᠢᠯᠡᠴᠢᠯᠡᠨ ᠮᠡᠳᠡᠭᠦᠯᠬᠦ ᠤᠳᠠᠰᠤ | ᠪᠤᠯᠭᠠᠨᠬᠤᠸᠠ ᠰᠤᠮᠤ᠄ 0482 - 6540003 ᠢᠨᠳᠡᠷ ᠪᠠᠯᠭᠠᠰᠤ᠄ 13948297689 | ᠪᠠᠶ᠋ᠬᠠᠤᠯᠠᠭᠠᠨ ᠰᠤᠮᠤ᠄ 0482—6510003 ᠲᠡᠮᠡᠭᠡᠴᠢ ᠪᠠᠯᠭᠠᠰᠤ᠄ 0482 — 6580021 | ᠡᠭᠦᠯᠳᠡᠷ ᠤᠨ ᠮᠠᠯ ᠢ ᠦᠷᠡᠵᠢᠭᠦᠯᠬᠦ ᠲᠥᠪ᠄ 0482 — 6500002 ᠨᠤᠨᠮᠦ᠋ᠷᠡᠨ ᠰᠢᠶᠠᠩ᠄ 0482 | —6750021 | ᠪᠠᠳᠠᠷᠠᠬᠤ ᠪᠠᠯᠭᠠᠰᠤ᠄ 13948246980 ᠬᠤᠯᠪᠤᠭ᠎ᠠ ᠪᠠᠯᠭᠠᠰᠤ᠄ 15174758966 | ᠪᠠᠶᠠᠨᠵᠢᠯᠠᠭ᠎ᠠ ᠰᠢᠶᠠᠩ᠄ 15148937678 ᠰᠢᠨᠯᠢᠨ ᠪᠠᠯᠭᠠᠰᠤ᠄ 136347123 | ᠠᠯᠲᠠᠷᠲᠤ ᠰᠤᠮᠤ᠄ 15048216878 ᠪᠠᠶᠠᠨᠭᠤᠣᠯ ᠪᠠᠯᠭᠠᠰᠤ᠄ 0482 — 6765133 | ᠠᠷᠪᠡᠨᠭᠡᠷ ᠪᠠᠯᠭᠠᠰᠤ 0482 — 6630069 ᠬᠦᠷᠡᠯ ᠪᠠᠯᠭᠠᠰᠤ᠄ 13734826678 |