11 ᠰᠠᠷ᠎ᠠ ᠶᠢᠨ 14 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠳᠠᠷᠤᠭ᠎ᠠ ᠯᠢ ᠬᠤᠤ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠵᠠᠰᠠᠭ ᠤᠨ ᠣᠷᠳᠣᠨ ᠤ ᠲᠠᠪᠢᠨ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠢᠷᠭᠤᠭᠠᠨ ᠢᠨᠵᠧᠨᠧᠷᠢᠩ︾᠂ ᠠᠶᠤᠯᠭᠦᠢ ᠦᠢᠯᠡᠳᠪᠦᠷᠢᠯᠡᠯ | ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠤᠤᠯ ᠠᠵᠢᠯᠯᠠᠬᠤ ᠭᠠᠵᠠᠷ ᠤᠨ ᠰᠢᠶᠠᠨ ᠭᠤᠸᠠᠩ | ᠭᠤᠤᠯ ᠰᠤᠷᠭᠠᠭᠤᠯᠢ ᠶᠢ ᠬᠦᠴᠦᠨ ᠦᠭᠡᠢ ᠪᠣᠯᠭᠠᠬᠤ ᠵᠡᠷᠭᠡ ᠶᠠᠪᠤᠳᠠᠯ ᠢ ᠰᠤᠳᠤᠯᠵᠠᠢ᠃ | ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ᠠᠶᠢᠮᠠᠭ ᠤᠨ ᠨᠠᠮ ᠤᠨ | ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠳᠤᠷᠠᠳᠤᠭᠰᠠᠨ ︽60 ᠡᠳᠦᠷ ᠶᠡᠬᠡᠪᠡᠷ ᠠᠵᠢᠯᠯᠠᠵᠤ᠂ ᠪᠦᠬᠦ ᠵᠢᠯ ᠤᠨ | ᠢᠯᠠᠯᠲᠠ ᠶᠢ ᠪᠠᠲᠤᠯᠠᠬᠤ︾ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠵᠢᠯ ᠤᠨ ᠡᠴᠦᠰ ᠤᠨ | ᠰᠢᠪᠲᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭ᠎ᠠ ᠶᠢ ᠰᠠᠶᠢᠲᠤᠷ ᠠᠳᠬᠤᠵᠤ᠂ ᠪᠦᠬᠦ ᠵᠢᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠠᠮᠢᠨ ᠬᠡᠷᠡᠭ ᠢ | ᠰᠡᠷᠭᠡᠶᠢᠯᠡᠨ ᠡᠵᠡᠮᠳᠡᠬᠦ ᠠᠵᠢᠯ ᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠨᠡᠩ ᠶᠡᠭᠡ ᠡᠷᠡᠰ ᠵᠣᠷᠢᠭ᠂ ᠨᠡᠩ | ᠬᠦᠴᠦᠲᠡᠢ ᠠᠷᠭ᠎ᠠ ᠬᠡᠮᠵᠢᠶ᠎ᠡ ᠪᠠᠷ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠦᠷᠭᠦᠯᠵᠢᠯᠡᠨ | ᠰᠠᠶᠢᠲᠤᠷ ᠠᠳᠬᠤᠬᠤ ᠬᠡᠷᠡᠭᠲᠡᠢ᠃ ᠴᠠᠭ ᠢᠮᠠᠭᠲᠠ ᠰᠠᠨᠠᠭ᠎ᠠ ᠠᠮᠤᠷ ᠪᠤᠰᠤ ᠬᠠᠷᠢᠭᠤᠴᠠᠯᠭᠠᠲᠤ ᠰᠡᠳᠬᠢᠯᠭᠡ ᠪᠠᠷ | ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ | ᠠᠶᠤᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠪᠦᠬᠦ ᠬᠤᠰᠢᠭᠤᠨ ᠤ ᠠᠵᠤ | ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠰᠠᠶᠢᠨ ᠰᠠᠶᠢᠬᠠᠨ ᠠᠶᠤᠯᠭᠦᠢ ᠦᠢᠯᠡᠳᠪᠦᠷᠢᠯᠡᠯ ᠤᠨ | ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠬᠤᠷᠠᠯ ᠤᠨ ᠳᠠᠷᠠᠭ᠎ᠠ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠵᠠᠰᠠᠭ ᠤᠨ ᠣᠷᠳᠣᠨ ᠤ 2024 ᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠦᠷᠭᠦᠯᠵᠢᠯᠡᠨ ᠬᠤᠷᠠᠯᠳᠤᠭᠤᠯᠪᠠ᠃ | |