ᠤᠮᠠᠷᠠᠳᠤ ᠬᠢᠯᠢ ᠶᠢᠨ ᠰᠤᠶᠤᠯ — ︽ᠪᠠᠭ᠋ᠠᠷᠤᠮ᠎ᠠ ᠰᠠᠶᠢᠬᠠᠨ ᠤᠮᠠᠷᠠᠲᠤ ᠬᠢᠯᠢ   ᠪᠥᠬᠦ ᠠᠷᠠᠳ ᠤᠨ ᠲᠣᠰᠬᠤᠨ ᠤ TV︶︾  ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ
ᠨᠡᠶᠢᠲᠡᠯᠡᠭᠰᠡᠨ ᠴᠠᠭ᠄
2024/11/15
      ᠤᠮᠠᠷᠠᠲᠤ ᠬᠢᠯᠢ ᠶᠢᠨ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠣᠯᠠᠨ ᠨᠡᠶᠢᠲᠡ ᠶᠢᠨ ᠰᠣᠶᠣᠯ ᠤᠨ ᠤᠶᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ︽ᠰᠣᠶᠣᠯ ᠤᠨ ᠲᠣᠰᠬᠤᠨ ᠤ ᠳᠠᠷᠤᠭ᠎ᠠ︾ ᠶᠢᠨ ᠬᠠᠪᠰᠤᠷᠤᠨ ᠳᠠᠭᠠᠭᠤᠯᠬᠤ ᠤᠶᠢᠯᠡᠳᠣᠯ ᠢ ᠪᠠᠳᠠᠷᠠᠭᠤᠯᠬᠤ ᠶᠢᠨ ᠲᠥᠯᠥᠭᠡ᠂ 11 ᠰᠠᠷ᠎ᠠ ᠶᠢᠨ 13 ᠤ ᠡᠳᠦᠷ᠂  ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤᠨ ᠤ ᠯᠢ ᠮᠢᠩ ᠲᠣᠰᠬᠤᠨ ᠤ ᠰᠣᠶᠣᠯ ᠤᠨ ᠲᠣᠰᠬᠤᠨ ᠤ ᠲᠠᠷᠤᠭ᠎ᠠ ᠲᠢᠶᠠᠨ ᠪᠦᠦ ᠶᠢᠤ ᠨᠤᠲᠤᠭ ᠤᠨ ᠬᠥᠳᠡᠭᠡ ᠲᠣᠰᠬᠤᠨ ᠤ ᠤᠳᠬ᠎ᠠ ᠤᠷᠠᠯᠢᠭ ᠲᠤ ᠳᠤᠷ᠎ᠠ ᠪᠠᠭ᠋ᠠᠲᠠᠶ ᠬᠥᠮᠦᠰ ᠢ ᠵᠣᠬᠢᠶᠠᠨ ᠪᠠᠶᠢᠭᠤᠯᠵᠤ ︽ᠪᠠᠭ᠋ᠠᠷᠤᠮ᠎ᠠ ᠰᠠᠶᠢᠬᠠᠨ ᠤᠮᠠᠷᠠᠲᠤ ᠬᠢᠯᠢ   ᠪᠥᠬᠦ ᠠᠷᠠᠳ ᠤᠨ ᠲᠣᠰᠬᠤᠨ ᠤ TV︾ ᠭᠡᠭᠦ ᠰᠣᠶᠣᠯ ᠤᠨ ᠲᠣᠰᠬᠤᠨ ᠤ ᠳᠠᠷᠤᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠥᠷ ᠬᠥᠭᠵᠢᠶᠡᠨ ᠢᠶᠠᠷ ᠪᠢᠯᠬᠠᠵᠤ᠂ ᠲᠣᠭᠯᠠᠯᠲᠠ ᠨᠢ ᠪᠠᠶᠠᠷ ᠪᠠᠶᠠᠰᠬᠤᠯᠠᠩ ᠲᠠᠢ ᠶᠠᠩᠭᠠᠷ ᠪᠥᠵᠢᠭ ᠤᠨ ᠳᠤᠮᠳᠠ ᠬᠥᠰᠢᠭᠡ ᠪᠠᠨ ᠰᠡᠬᠦᠵᠦ᠂ ᠨᠠᠶᠢᠷᠠᠯ ᠬᠥᠭᠵᠢᠮ᠂  ᠪᠥᠵᠢᠭ ᠵᠡᠷᠭᠡ ᠭᠤᠶᠢᠳᠠ ᠰᠠᠶᠢᠬᠠᠨ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠰᠠᠶᠢᠨ ᠦᠨᠡᠯᠡᠯᠲᠡ ᠶᠢ ᠣᠯᠵᠤ ᠣᠯᠠᠨ ᠲᠦᠮᠡᠨ ᠢᠶᠠᠨ ᠪᠠᠶᠠᠰᠬᠠᠭᠰᠠᠨ ᠪᠠᠶᠢᠨ᠎ᠠ᠃
2.jpg
   
 
ᠢᠷᠡᠯᠲᠡ᠄ ᠬᠤᠯᠪᠣᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号