︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠᠷ ᠠᠷᠠᠳ ᠤᠨ ᠤᠷᠤᠯᠭ᠎ᠠ ᠶᠢ ᠨᠡᠮᠡᠭᠳᠡᠭᠦᠯᠦᠭᠰᠡᠨ ᠨᠢ
ᠨᠡᠶᠢᠲᠡᠯᠡᠭᠰᠡᠨ ᠴᠠᠭ᠄
2024/11/18
     ᠵᠠᠯᠠᠶᠢᠳ ᠬᠤᠰᠢᠭᠤᠨ ᠤ ᠨᠤᠨᠮᠦ᠋ᠷᠡᠨ ᠰᠢᠶᠠᠩ ᠤᠨ ᠵᠦᠩ ᠰᠢᠨ ᠲᠤᠰᠬᠤᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠᠷ ᠠᠯᠲᠠᠨ ᠲᠦᠯᠬᠢᠭᠦᠷ ᠪᠣᠯᠭᠠᠵᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠷᠭ᠎ᠠ ᠵᠠᠮ ᠢ ᠰᠦᠪᠡᠭᠴᠢᠯᠡᠨ ᠠᠷᠠᠳ ᠤᠯᠠᠨ ᠳᠤ ᠵᠣᠯ ᠵᠢᠷᠭᠠᠯ ᠢ ᠡᠳ᠋ᠯᠡᠭᠦᠯᠵᠤ ᠪᠠᠶᠢᠨ᠎ᠠ᠃ ᠨᠠᠮᠤᠷ ᠤᠨ ᠬᠤᠷᠢᠶᠠᠯᠲᠠ ᠠᠴᠠ ᠡᠮᠦᠨ᠎ᠡ ᠠᠰᠢᠭ ᠤᠷᠤᠯᠭ᠎ᠠ ᠬᠤᠪᠢᠶᠠᠵᠤ ᠤᠯᠤᠭᠰᠠᠨ ᠵᠦᠩ ᠰᠢᠨ ᠲᠣᠰᠬᠤᠨ ᠤ ᠠᠷᠠᠳ ᠢᠷᠡᠬᠦ ᠵᠢᠯ ᠤᠨ ᠬᠠᠪᠤᠷ ᠤᠨ ᠲᠠᠷᠢᠶᠠᠯᠠᠭ᠎ᠠ ᠪᠠᠨ ᠡᠬᠢᠯᠡᠨ ᠲᠥᠰᠦᠪᠯᠡᠵᠦ ᠪᠠᠶᠢᠨ᠎ᠠ᠃     ᠰᠤᠷᠪᠤᠯᠵᠢᠯᠠᠭᠴᠢ ᠨᠤᠨᠮᠦ᠋ᠷᠡᠨ ᠰᠢᠶᠠᠩ ᠤᠨ ᠵᠦᠩ ᠰᠢᠨ ᠲᠣᠰᠬᠤᠨ ᠤ ᠠᠷᠠᠳ ᠬᠠᠨ ᠪᠦᠦ ᠺᠦᠨ ᠤ  ᠬᠢᠨ ᠳᠤ ᠬᠦᠷᠬᠦ ᠳᠤ᠂ ᠬᠠᠨ ᠪᠦᠦ ᠺᠦᠨ ᠪᠣᠯᠤᠨ ᠬᠡᠳᠦᠨ ᠠᠵᠢᠯᠴᠢᠳ ᠲᠠᠢ ᠬᠠᠮᠳᠣ ᠶᠠᠭ ᠰᠠᠶ᠋ᠢᠬᠠᠨ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ ᠬᠦᠯᠡᠮᠵᠢ ᠶᠢᠨ ᠪᠤᠯᠤᠳ ᠵᠢᠶᠠᠰᠠ ᠪᠤᠰᠬᠠᠵᠤ ᠪᠠᠶᠢᠯ᠎ᠠ᠃ ᠲᠡᠷᠡ᠄ ︽ᠬᠦᠯᠡᠮᠵᠢ ᠳᠤ ᠬᠡᠷᠡᠭᠯᠡᠵᠤ ᠪᠠᠶᠢᠭ᠎ᠠ ᠪᠠᠯᠠ ᠮᠥᠩᠭᠦ ᠪᠣᠯ ᠲᠠᠷᠤᠢ ᠡᠮᠤᠨᠡᠬᠡᠨ ︿ᠭᠤᠷᠪᠠ ᠶᠢ ᠬᠤᠪᠢᠷᠠᠭᠤᠯᠬᠤ﹀ ᠥᠭᠡᠷᠡᠴᠢᠯᠡᠯᠲᠡ ᠶᠢᠨ ᠭᠠᠵᠠᠷ ᠰᠢᠷᠣᠶ ᠶᠢᠨ ᠬᠤᠷᠰᠢᠶ᠎ᠠ ᠠᠴᠠ ᠬᠤᠪᠢᠶᠠᠵᠤ ᠣᠯᠤᠭᠰᠠᠨ 4000 ᠲᠥᠭᠦᠷᠢᠭ ᠪᠣᠯᠤᠨ᠎ᠠ᠂ ᠡᠨᠡ ᠬᠦ ᠤᠷᠤᠯᠭ᠎ᠠ ᠨᠢ ᠨᠠᠳᠠ ᠳᠤ ᠠᠪᠴᠤ ᠬᠡᠯᠡᠪᠡᠯ ᠢᠯᠡᠭᠦᠴᠡ ᠣᠷᠣᠯᠭ᠎ᠠ ᠪᠣᠯᠬᠤ ᠪᠠᠷ ᠪᠠᠷᠠᠬᠤ ᠥᠬᠡᠶ ᠨᠠᠩ ᠴᠤ ᠠᠮᠢᠳᠤᠷᠠᠯ ᠤᠨ ᠢᠲᠡᠭᠡᠯ ᠢ ᠤᠯᠠᠮ ᠪᠠᠳᠤᠳᠬᠠᠵᠠᠢ︾ ᠭᠡᠵᠤ ᠰᠤᠷᠪᠤᠯᠵᠢᠯᠠᠭᠴᠢ ᠳᠤ ᠲᠠᠨᠢᠯᠴᠠᠭᠤᠯᠵᠤ ᠪᠠᠶᠢᠯ᠎ᠠ᠃    ᠨᠤᠨᠮᠥ᠋ᠷᠡᠨ ᠰᠢᠶᠠᠩ ᠤᠨ ᠵᠥᠩ ᠰᠢᠨ ᠲᠣᠰᠬᠤᠨ ᠳᠤ᠂ ᠬᠠᠨ ᠪᠦᠦ ᠺᠦᠨ ᠲᠠᠢ ᠠᠳᠠᠯᠢ  ᠪᠠᠷ ᠭᠠᠵᠠᠷ ᠰᠢᠷᠣᠶ ᠶᠢᠨ ᠬᠤᠷᠰᠢᠶ᠎ᠠ ᠳᠤ ᠬᠤᠪᠢ ᠣᠷᠣᠭᠤᠯᠵᠤ ︽ᠬᠤᠪᠢ ᠣᠷᠣᠭᠤᠯᠤᠭᠴᠢ︾ ᠪᠣᠯᠤᠭᠰᠠᠨ ᠲᠣᠰᠬᠤᠨ ᠤ ᠠᠷᠠᠳ ᠨᠡᠶᠢᠲᠡ 101 ᠡᠷᠦᠬᠡ ᠪᠠᠶᠢᠨ᠎ᠠ᠃ 2023 ᠣᠨ ᠤ 3 ᠰᠠᠷ᠎ᠠ ᠳᠤ ᠨᠤᠨᠮᠦ᠋ᠷᠡᠨ ᠰᠢᠶᠠᠩ ᠤᠨ ᠵᠥᠩ ᠰᠢᠨ ᠲᠣᠰᠬᠤᠨ ᠢ ᠪᠦᠬᠦ ᠬᠤᠰᠢᠭᠤᠨ ᠤ ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠣᠰᠬᠤᠨ ᠢᠶᠠᠷ ᠲᠣᠭᠲᠠᠭᠠᠭᠳᠠᠵᠤ᠂ ᠵᠥᠩ ᠰᠢᠨ ᠲᠣᠰᠬᠤᠨ ᠨᠠᠮ ᠤᠨ ᠡᠭᠦᠷ ᠤᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ︽ᠰᠢᠨ᠎ᠡ ᠵᠠᠮ︾ ᠢ ᠰᠠᠨᠠᠭᠠᠴᠢᠯᠠᠭ᠎ᠠ ᠠᠴᠠ ᠪᠠᠨ ᠰᠦᠪᠡᠭᠴᠢᠯᠡᠵᠦ᠂ ︽ᠨᠠᠮ ᠤᠨ ᠵᠣᠬᠢᠶᠠᠨ ᠪᠠᠶᠢᠭᠤᠯᠤᠯᠲᠠ + ᠬᠤᠷᠰᠢᠶ᠎ᠠ + ᠨᠠᠮ ᠤᠨ ᠭᠡᠰᠢᠭᠦᠨ ᠤ ᠠᠵᠤ ᠦᠢᠯᠡᠰ ᠤᠨ ᠲᠤᠮᠤ ᠡᠷᠦᠬᠡ + ᠤᠯᠠᠨ ᠲᠦᠮᠡᠨ︾ ᠤ  ︽1+1+1+N︾ ᠡᠵᠡᠩᠨᠡᠯᠲᠡ ᠶᠢᠨ ᠵᠠᠭᠪᠤᠷ ᠢ ᠬᠡᠷᠡᠭᠵᠢᠭᠦᠯᠵᠦ᠂ ︽ᠭᠤᠷᠪᠠ ᠶᠢ ᠬᠤᠪᠢᠷᠠᠭᠤᠯᠬᠤ ᠦᠭᠡᠷᠡᠴᠢᠯᠡᠯᠳᠠ + ᠲᠠᠪᠤᠨ ᠶᠡᠭᠡ ᠬᠠᠮᠲᠤᠷᠠᠯᠴᠠᠭ᠎ᠠ︾ ᠶᠢᠨ ᠪᠠᠶᠢᠷᠢᠰᠢᠯ ᠢ ᠪᠦᠷᠢᠯᠳᠦᠭᠦᠯᠭᠡᠳ ᠬᠠᠮᠲᠤ ᠶᠢᠨ ᠰᠲ᠋ᠣᠺ ᠤᠨ ᠡᠷᠬᠡ ᠶᠢᠨ ᠠᠵᠤ ᠠᠬᠤᠢ᠂ ᠭᠠᠵᠠᠷ ᠰᠢᠷᠣᠢ᠂ ᠬᠥᠳᠡᠯᠮᠦᠷᠢ ᠦᠢᠯᠡᠴᠢᠯᠡᠭᠡ᠂ ᠵᠢᠭᠤᠯᠴᠢᠯᠠᠯ᠂ ᠦᠢᠯᠡᠰ ᠪᠤᠰᠬᠠᠬᠤ ᠬᠤᠪᠢ ᠣᠷᠣᠭᠤᠯᠤᠭᠰᠠᠨ ᠲᠠᠪᠤᠨ ᠶᠡᠭᠡ ᠬᠤᠷᠰᠢᠶ᠎ᠠ ᠶᠢ ᠪᠠᠶᠢᠭᠤᠯᠵᠤ᠂ ᠭᠡᠰᠢᠭᠦᠳ ᠨᠢ ᠤᠤᠯ ᠤᠨ 38 ᠡᠷᠦᠬᠡ ᠠᠴᠠ ᠪᠠᠨ ᠪᠦᠬᠦ ᠲᠣᠰᠬᠤᠨ ᠤ 403 ᠡᠷᠦᠬᠡ ᠲᠠᠷᠢᠶᠠᠴᠢᠨ ᠢ ᠲᠠᠶᠢᠴᠢᠯᠠᠵᠠᠢ᠃ ᠡᠨᠡ ᠵᠢᠯ᠂  ᠵᠥᠩ ᠰᠢᠨ ᠲᠣᠰᠬᠤᠨ ᠤ ᠲᠠᠪᠤᠨ ᠶᠡᠭᠡ ᠬᠤᠷᠰᠢᠶ᠎ᠠ ᠶᠢ ᠥᠭᠡᠷᠡᠴᠢᠯᠡᠭᠰᠡᠨ ᠤ ᠳᠠᠷᠠᠭ᠎ᠠ ᠵᠢᠯ ᠤᠨ ᠴᠡᠪᠡᠷ ᠠᠰᠢᠭ ᠬᠤᠨᠵᠢᠪᠣᠷᠢ ᠨᠢ 300 ᠲᠦᠮᠡᠨ ᠲᠥᠭᠦᠷᠢᠭ ᠲᠤ ᠬᠦᠷᠴᠦ᠂ ︽ᠬᠤᠷᠰᠢᠶᠠᠵᠢᠯ 60 %  + ᠲᠣᠰᠬᠤᠨ ᠤ ᠬᠠᠮᠲᠤ ᠶᠢᠨ ᠠᠵᠤ ᠠᠬᠤᠢ ᠶᠢᠨ 5 %  + ᠲᠠᠷᠢᠶᠠᠴᠢᠨ ᠡᠷᠦᠬᠡ 35%︾ ᠶᠢᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠶᠣᠰᠣᠭᠠᠷ ᠬᠤᠪᠢ ᠣᠷᠣᠭᠤᠯᠤᠭᠰᠠᠨ ᠠᠷᠠᠳ ᠨᠢᠭᠡᠪᠦᠷᠢ ᠶᠢᠨ ᠵᠢᠯ ᠤᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ 2000 ᠲᠥᠭᠦᠷᠢᠭ ᠨᠡᠮᠡᠭᠳᠡᠬᠦ ᠪᠤᠯᠤᠨ᠎ᠠ᠃
640.jpg
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号