ᠵᠠᠯᠠᠶᠢᠳ ᠬᠤᠰᠢᠭᠤᠨ ᠤ ᠢᠨᠳᠡᠷ ᠪᠠᠯᠭᠠᠰᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/18
     11 ᠰᠠᠷ᠎ᠠ ᠶᠢᠨ 14 ᠤ ᠡᠳᠦᠷ᠂ ᠵᠠᠯᠠᠶᠢᠳ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠠᠵᠢᠯ ᠢ ᠠᠬᠢᠭᠤᠯᠬᠤ ᠳᠤᠭᠤᠶᠢᠯᠠᠩ ᠢᠨᠳᠡᠷ ᠪᠠᠯᠭᠠᠰᠤᠨ ᠳᠤ ᠬᠦᠷᠴᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠤᠨ ᠠᠵᠢᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠰᠢᠶᠤᠤ ᠸᠧᠶ᠂ ᠬᠠᠮᠢᠶ᠎ᠠ ᠪᠥᠬᠦᠶ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠨ᠂ ᠪᠠᠯᠭᠠᠰᠤ ᠭᠠᠴᠠᠭ᠎ᠠ ᠲᠣᠰᠬᠤᠨ ᠤ ᠺᠠᠳ᠋ᠷ ᠬᠤᠷᠠᠯ ᠳᠤ ᠣᠷᠣᠯᠴᠠᠵᠠᠶ᠃      ᠠᠬᠢᠭᠤᠯᠬᠤ ᠳᠤᠭᠤᠶᠢᠯᠠᠩ ᠤᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠵᠢᠴᠢ  ᠠᠬᠢᠴᠠ ᠶᠢᠨ ᠪᠠᠶᠢᠳᠠᠯ ᠢ ᠣᠶᠢᠯᠠᠭᠠᠪᠠ᠃ ᠳᠠᠷᠠᠭ᠎ᠠ ᠨᠢ ᠂ ᠠᠬᠢᠭᠤᠯᠬᠤ ᠳᠤᠭᠤᠶᠢᠯᠠᠩ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠶᠠᠷᠢᠯᠴᠠᠬᠤ ᠬᠤᠷᠠᠯ ᠥᠷᠨᠢᠭᠦᠯᠵᠦ ᠰᠠᠨᠠᠯ ᠢᠶᠠᠨ ᠭᠦᠨᠵᠡᠭᠡᠶ ᠰᠣᠯᠢᠯᠴᠠᠵᠠᠢ᠃ ᠬᠤᠷᠠᠯ ᠳᠤ ᠣᠷᠣᠯᠴᠠᠭᠰᠠᠳ ᠲᠦᠷᠦᠯ ᠵᠤᠶᠢᠯ ᠤᠨ ᠠᠬᠢᠴᠠ ᠶᠢ ᠶᠠᠷᠢᠯᠴᠠᠬᠤ᠂ ᠠᠰᠠᠭᠤᠳᠠᠯ ᠢ ᠶᠠᠷᠢᠯᠴᠠᠬᠤ᠂ ᠬᠦᠴᠢᠷᠳᠡᠯ ᠢ ᠶᠠᠷᠢᠯᠴᠠᠬᠤ ᠶᠢᠨ ᠬᠠᠮᠲᠤ ᠭᠠᠵᠠᠷ ᠡᠵᠡᠯᠡᠬᠦ᠂ ᠴᠠᠬᠢᠯᠭᠠᠨ ᠬᠠᠩᠭᠠᠬᠤ ᠵᠡᠷᠭᠡ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠰᠢᠢᠳᠪᠦᠷᠢᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠢᠨᠳᠡᠷ ᠪᠠᠯᠭᠠᠰᠤᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号