| ᠴᠠᠭ ᠦᠶ᠎ᠡ ᠶᠢᠨ ᠶᠡᠷᠦᠩᠬᠡᠢ ᠬᠠᠨᠳᠤᠰᠢ ᠶᠢ ᠡᠵᠡᠮᠳᠡᠵᠦ ᠳᠡᠯᠡᠬᠡᠢ ᠶᠢᠨ ᠬᠥᠭᠵᠢᠯ ᠴᠡᠴᠡᠭᠯᠡᠯ ᠢ ᠬᠠᠮᠲᠤ ᠪᠠᠷ | ᠠᠬᠢᠭᠤᠯᠤᠶ᠎ᠠ — ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠦᠢᠯᠡᠳᠪᠦᠷᠢ ᠬᠤᠳᠠᠯᠳᠤᠭᠠᠨ ᠤ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠳᠡᠭᠡᠷᠡᠬᠢ | ᠪᠢᠴᠢᠭ ᠤᠨ ᠶᠠᠷᠢᠶ᠎ᠠ ᠢᠯᠡᠳᠬᠡᠯ | ︵2024 ᠣᠨ ᠤ 11 ᠰᠠᠷ᠎ᠠ ᠶᠢᠨ 15 ᠤ ᠡᠳᠦᠷ᠂ ᠫᠧᠷᠦ᠋ ᠶᠢᠨ ᠯᠢᠮᠠ ᠳᠤ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠠ᠋᠂ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋᠄ | ᠦᠵᠡᠰᠬᠦᠯᠡᠩᠲᠦ ᠰᠠᠶᠢᠬᠠᠨ ᠯᠢᠮᠠ ᠬᠤᠲᠠ ᠳᠤ ᠢᠷᠡᠵᠤ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ 8 | ᠵᠢᠯ ᠤᠨ ᠳᠠᠷᠠᠭ᠎ᠠ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠡᠨᠡ ᠬᠠᠯᠠᠭᠤᠨ ᠬᠥᠷᠥᠰᠥᠨ ᠳᠤ ᠳᠠᠬᠢᠨᠲᠠ ᠬᠦᠷᠴᠦ | ᠢᠷᠡᠬᠦ ᠳᠤ ᠲᠦᠢᠯ ᠤᠨ ᠳᠣᠲᠣᠨᠣ ᠰᠠᠨᠠᠭᠳᠠᠵᠤ ᠪᠠᠶᠢᠨ᠎ᠠ᠃ | ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠬᠡᠳᠦ᠋ᠢᠪᠡᠷ ᠲᠦᠮᠡᠨ ᠭᠠᠵᠠᠷ ᠠᠯᠤᠰᠯᠠᠵᠤ ᠪᠠᠶᠢᠭ᠎ᠠ ᠪᠤᠯᠪᠠᠴᠤ ᠨᠡᠯᠦᠭᠡᠷ | ᠶᠡᠭᠡ ᠨᠣᠮᠣᠬᠠᠨ ᠲᠠᠯᠠᠢ ᠪᠢᠳᠡᠨ ᠤ ᠰᠣᠯᠢᠯᠴᠠᠭ᠎ᠠ ᠶᠢ ᠲᠠᠰᠤᠯᠵᠤ ᠴᠢᠳᠠᠬᠤ ᠦᠭᠡᠢ᠃ ᠠᠯᠢ ᠡᠷᠲᠡ 16 ᠳ᠋ᠤᠭᠠᠷ ᠵᠠᠭᠤᠨ ᠤ | ᠳᠣᠣᠷ᠎ᠠ ᠬᠠᠭᠠᠰ ᠢᠶᠠᠷ ᠲᠣᠷᠭ᠎ᠠ ᠳᠤᠷᠳᠤᠩ ᠪᠣᠯᠣᠨ ᠱᠠᠭᠠᠵᠠᠩ ᠰᠠᠪᠠ ᠶᠢ ᠳᠦᠭᠦᠷᠲᠡᠯ᠎ᠡ ᠲᠡᠭᠡᠭᠡᠭᠰᠡᠨ ︽ᠳᠤᠮᠳᠠᠳᠤ | ᠤᠯᠤᠰ ᠤᠨ ᠣᠩᠭᠤᠴᠠ︾ ᠯᠠᠲ᠋ᠢᠨ ᠠᠮᠧᠷᠢᠺᠠ ᠳᠤ ᠠᠶᠠᠯᠠᠨ ᠢᠷᠠᠵᠤ᠂ ᠳᠤᠮᠳᠠᠳᠤ ᠯᠠᠲ᠋ᠢᠨ ᠠᠮᠧᠷᠢᠺᠠ ᠶᠢᠨ ᠨᠥᠭᠦᠷᠰᠡᠭ | ᠶᠠᠪᠤᠯᠴᠠᠭᠠᠨ ᠤ ᠵᠠᠮ ᠢ ᠨᠡᠭᠡᠭᠡᠭᠰᠡᠨ ᠶᠤᠮ᠃ | ᠬᠡᠳᠦᠨ ᠵᠠᠭᠤᠨ ᠵᠢᠯ ᠤᠨ ᠳᠠᠷᠠᠭᠠᠬᠢ ᠥᠨᠥᠳᠥᠷ ᠳᠤᠮᠳᠠᠳᠤ ᠯᠠᠲ᠋ᠢᠨ ᠠᠮᠧᠷᠢᠺᠠ ᠶᠢ ᠪᠠᠭᠲᠠᠭᠠᠭᠰᠠᠨ ᠠᠽᠢᠶ᠎ᠠ ᠲᠢᠪ | ᠨᠣᠮᠣᠬᠠᠨ ᠳᠠᠯᠠᠢ ᠶᠢᠨ ᠣᠷᠣᠨ ᠤ ᠤᠯᠤᠰ ᠤᠳ ᠨᠢᠭᠡᠨᠲᠡ ᠠᠵᠤ ᠠᠬᠤᠢ ᠶᠢᠨ ᠳᠡᠯᠡᠬᠡᠶᠢᠵᠢᠯᠲᠡ ᠳᠤ ᠭᠦᠨᠵᠡᠭᠡᠢ | ᠠᠭᠤᠰᠤᠯᠴᠠᠵᠤ᠂ ᠨᠢᠭᠡ ᠨᠢ ᠬᠥᠭᠵᠢᠪᠡᠯ ᠪᠦᠭᠦᠳᠡᠭᠡᠷ ᠬᠥᠭᠵᠢᠵᠦ᠂ ᠨᠢᠭᠡ ᠨᠢ ᠬᠤᠬᠢᠷᠠᠪᠠᠯ ᠪᠦᠭᠦᠳᠡᠭᠡᠷ ᠬᠤᠬᠢᠷᠠᠬᠤ ᠠᠰᠢᠭ | ᠲᠤᠰᠠ ᠶᠢᠨ ᠬᠠᠮᠲᠤ ᠶᠢᠨ ᠴᠣᠭᠴᠠ᠂ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠪᠠ᠃ ᠡᠭᠦᠨ ᠤ ᠵᠡᠷᠭᠡ ᠪᠠᠷ ᠳᠡᠯᠡᠬᠡᠢ | ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠵᠤ᠂ ᠭᠠᠭᠴᠠ ᠲᠠᠯᠠᠲᠤ ᠦᠵᠡᠯ᠂ | ᠬᠠᠮᠠᠭᠠᠯᠠᠬᠤ ᠦᠵᠡᠯ ᠲᠡᠯᠡᠷᠡᠵᠦ᠂ ᠳᠡᠯᠡᠬᠡᠢ ᠶᠢᠨ ᠠᠵᠤ ᠠᠬᠤᠢ ᠶᠢᠨ ᠭᠡᠰᠡᠭᠵᠢᠯᠲᠡ ᠰᠢᠷᠦᠭᠦᠰᠴᠦ᠂ ᠠᠵᠤ ᠠᠬᠤᠢ ᠶᠢᠨ | ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠤᠷᠤᠰᠬᠠᠯ ᠰᠥᠷᠦᠨ ᠣᠩᠭᠤᠴᠠ ᠰᠡᠯᠢᠬᠦ᠂ ᠤᠷᠤᠭᠰᠢᠯᠠᠬᠤ ᠦᠭᠡᠢ | ᠪᠣᠯ ᠤᠬᠤᠷᠢᠬᠤ ᠬᠠᠲᠠᠭᠤ ᠰᠢᠯᠭᠠᠯᠲᠠ ᠳᠤ ᠲᠤᠯᠭᠠᠷᠠᠪᠠ᠃ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ | ᠶᠠᠭᠠᠬᠢᠵᠤ ᠬᠥᠭᠵᠢᠬᠦ ᠪᠤᠢ᠂ ᠪᠢᠳᠡ ᠰᠣᠩᠭᠤᠯᠲᠠ ᠬᠢᠬᠦ ᠴᠢᠬᠤᠯᠠᠲᠠᠢ ᠪᠠᠶᠢᠨ᠎ᠠ᠃ | ᠠᠵᠤ ᠠᠬᠤᠢ ᠶᠢᠨ ᠳᠡᠯᠡᠬᠡᠶᠢᠵᠢᠯᠲᠡ ᠪᠣᠯ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ | ᠪᠤᠰᠤᠳᠴᠢ ᠱᠠᠭᠠᠷᠳᠠᠯᠭ᠎ᠠ ᠮᠥᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠵᠠᠶᠢᠯᠠᠰᠢ ᠦᠭᠡᠢ ᠦᠷ᠎ᠡ | ᠳ᠋ᠦᠩ ᠮᠥᠨ᠂ ᠰᠦᠷ ᠳᠠᠯᠠᠶᠢᠴᠠᠲᠠᠢ ᠲᠡᠦᠬᠡ ᠶᠢᠨ ᠤᠷᠤᠰᠬᠠᠯ ᠮᠥᠨ᠂ ᠬᠡᠳᠦ᠋ᠢᠪᠡᠷ ᠰᠢᠷᠦᠭᠦᠨ ᠰᠠᠯᠬᠢ ᠪᠠ ᠭᠡᠳᠡᠷᠭᠦ ᠢᠷᠡᠬᠦ | ᠳᠠᠪᠠᠯᠭᠠᠨ ᠳᠤ ᠤᠴᠠᠷᠠᠵᠤ ᠥᠩᠭᠡᠷᠡᠭᠰᠡᠨ ᠪᠤᠯᠪᠠᠴᠤ ᠲᠡᠭᠦᠨ ᠤ ᠬᠥᠭᠵᠢᠯᠲᠡ ᠶᠢᠨ ᠶᠡᠷᠦᠩᠬᠡᠢ ᠬᠠᠨᠳᠤᠰᠢ ᠶᠡᠷᠦ ᠠᠴᠠ | ᠬᠤᠪᠢᠷᠠᠭᠰᠠᠨ ᠦᠭᠡᠢ ᠶᠤᠮ᠃ ᠡᠯ᠎ᠡ ᠵᠦᠢᠯ ᠤᠨ ᠨᠡᠷ᠎ᠡ ᠪᠠᠷ ᠠᠵᠤ ᠠᠬᠤᠢ ᠶᠢᠨ ᠬᠠᠮᠲᠤᠷᠠᠯᠴᠠᠭ᠎ᠠ ᠶᠢ ᠬᠠᠷᠰᠢᠯᠠᠵᠤ᠂ | ᠬᠠᠷᠢᠯᠴᠠᠨ ᠲᠦᠰᠢᠯᠴᠡᠨ ᠣᠷᠣᠰᠢᠬᠤ ᠳᠡᠯᠡᠬᠡᠢ ᠶᠢᠷᠲᠢᠨᠴᠦ ᠶᠢ ᠲᠠᠰᠤᠳᠠᠨ ᠬᠠᠭᠠᠴᠠᠭᠤᠯᠬᠤ ᠨᠢ ᠲᠡᠦᠬᠡ ᠶᠢ ᠤᠬᠤᠷᠢᠭᠤᠯᠵᠤ | ᠪᠠᠶᠢᠭ᠎ᠠ ᠶᠠᠪᠤᠳᠠᠯ ᠪᠣᠯᠣᠨ᠎ᠠ᠃ | ᠣᠳᠣᠬᠠᠨ ᠳᠤ ᠠᠵᠤ ᠠᠬᠤᠢ ᠶᠢᠨ ᠳᠡᠯᠡᠬᠡᠶᠢᠵᠢᠯᠲᠡ ᠶᠢᠨ ᠬᠥᠳᠡᠯᠭᠡᠬᠦ ᠬᠦᠴᠦᠨ ᠪᠣᠯᠣᠨ ᠰᠠᠭᠠᠲᠠᠭᠤᠯᠬᠤ ᠬᠦᠴᠦᠨ | ᠥᠷᠢᠰᠦᠯᠳᠦᠨ ᠲᠡᠮᠡᠴᠡᠵᠦ ᠪᠠᠶᠢᠭ᠎ᠠ ᠪᠤᠯᠪᠠᠴᠤ ᠬᠥᠳᠡᠯᠭᠡᠬᠦ ᠬᠦᠴᠦᠨ ᠮᠥᠨ ᠬᠦ ᠰᠠᠭᠠᠲᠠᠭᠤᠯᠬᠤ ᠬᠦᠴᠦᠨ ᠠᠴᠠ ᠳᠠᠪᠠᠵᠤ | ᠪᠠᠶᠢᠨ᠎ᠠ᠃ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ | ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠳᠡᠯᠡᠬᠡᠢ ᠶᠢᠨ ᠠᠵᠤ ᠠᠬᠤᠢ ᠶᠢᠨ ᠲᠣᠭᠠᠴᠢᠯᠠᠯᠲᠠ᠂ ᠪᠣᠬᠢᠷᠳᠤᠯ ᠦᠭᠡᠶᠢᠵᠢᠯᠳᠡ᠂ | ᠣᠶᠤᠨᠴᠢᠯᠠᠯᠲᠠ ᠶᠢᠨ ᠠᠬᠢᠴᠠ ᠲᠠᠰᠤᠷᠠᠯᠳᠠ ᠦᠭᠡᠢ ᠲᠦᠷᠭᠡᠳᠴᠦ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠲᠠᠭᠢᠨ | ᠬᠤᠷᠳᠤ ᠨᠡᠮᠡᠨ ᠤᠷᠤᠭᠰᠢᠯᠠᠬᠤ ᠳᠤ ᠬᠦᠴᠦᠷᠬᠡᠭ ᠶᠡᠭᠡ ᠬᠥᠳᠡᠯᠭᠡᠬᠦ ᠡᠨᠧᠷᠭᠢ ᠶᠢ ᠬᠤᠷᠠᠮᠳᠤᠭᠤᠯᠪᠠ᠃ | ᠪᠢᠳᠡ ᠠᠵᠤ ᠠᠬᠤᠢ ᠶᠢᠨ ᠳᠡᠯᠡᠬᠡᠶᠢᠵᠢᠯᠲᠡ ᠶᠢᠨ ᠴᠢᠭᠯᠡᠯ ᠢ ᠵᠥᠪ ᠴᠢᠭᠯᠡᠯ ᠲᠡᠶᠢᠰᠢ ᠬᠥᠲᠥᠯᠥᠨ ᠵᠢᠯᠤᠭᠤᠳᠴᠤ᠂ | ᠴᠥᠭᠡᠨ ᠲᠣᠭᠠᠨ ᠤ ᠤᠯᠤᠰ ᠤᠨ ᠭᠠᠭᠴᠠᠭᠠᠷ ᠡᠵᠡᠷᠬᠡᠬᠦ ᠬᠠᠭᠤᠴᠢᠨ ᠵᠠᠮ ᠢᠶᠠᠷ ᠵᠠᠮᠨᠠᠵᠤ ᠪᠤᠯᠬᠤ ᠦᠭᠡᠢ᠃ ᠪᠢᠳᠡ ᠠᠵᠤ | ᠠᠬᠤᠢ ᠶᠢᠨ ᠳᠡᠯᠡᠬᠡᠶᠢᠵᠢᠯᠲᠡ ᠨᠡᠩ ᠢᠯᠡᠭᠦᠦ ᠵᠥᠪ ᠲᠠᠯ᠎ᠠ ᠶᠢᠨ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠵᠤ᠂ ᠨᠡᠩ | ᠠᠮᠢᠵᠢᠷᠠᠯ ᠤᠨ ᠬᠦᠴᠦᠨ ᠲᠠᠢ᠂ ᠨᠡᠩ ᠪᠠᠭᠲᠠᠭᠠᠮᠵᠢᠲᠠᠢ᠂ ᠨᠡᠩ ᠦᠷᠭᠦᠯᠵᠢᠯᠡᠬᠦ ᠰᠢᠨ᠎ᠡ ᠱᠠᠲᠤᠨ ᠳᠤ ᠣᠷᠣᠶ᠎ᠠ᠃ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕ | ᠬᠦᠴᠢᠷ ᠪᠡᠷᠬᠡᠰᠢᠶᠡᠯ ᠲᠠᠢ ᠴᠠᠭ ᠮᠥᠴᠡ ᠪᠤᠯᠬᠤ ᠲᠤᠳᠤᠮ ᠢᠲᠡᠭᠡᠯ ᠵᠣᠷᠢᠭ ᠢᠶᠠᠨ ᠤᠯᠠᠮ ᠪᠠᠲᠤᠳᠬᠠᠬᠤ ᠬᠡᠷᠡᠭᠲᠡᠢ᠃ | ᠪᠢᠳᠡ ᠭᠠᠷ ᠬᠤᠯᠪᠣᠯᠴᠠᠨ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ | ᠠᠳᠠᠯᠢ ᠪᠤᠰᠤ ᠤᠯᠤᠰ᠂ ᠠᠳᠠᠯᠢ ᠪᠤᠰᠤ ᠬᠥᠮᠥᠰ ᠲᠤ ᠨᠡᠩ ᠰᠠᠶᠢᠲᠤᠷ ᠠᠰᠢᠭ ᠬᠦᠷᠲᠡᠭᠡᠬᠦ ᠬᠡᠷᠡᠭᠲᠡᠢ᠃ | ᠨᠢᠭᠡ ᠳᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠶᠢ ᠪᠠᠷᠢᠮᠲᠠᠯᠠᠵᠤ᠂ ᠳᠡᠯᠡᠬᠡᠢ ᠶᠢᠨ ᠠᠵᠤ ᠠᠬᠤᠢ ᠶᠢᠨ | ᠬᠦᠴᠦᠲᠡᠢ ᠨᠡᠮᠡᠭᠳᠡᠯ ᠢ ᠠᠬᠢᠭᠤᠯᠤᠶ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠴᠠ | ᠦᠢᠯᠡᠳᠪᠦᠷᠢᠯᠡᠯ ᠤᠨ ᠬᠦᠴᠦᠨ ᠢ ᠣᠯᠵᠤ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠮᠡᠷᠭᠡᠵᠢᠯ ᠤᠨ | ᠬᠦᠴᠦᠨ ᠣᠯᠭᠤᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠤᠪᠢᠰᠬᠠᠯ ᠢᠶᠠᠷ ᠳᠡᠯᠡᠬᠡᠢ ᠶᠢᠨ ᠠᠵᠤ ᠠᠬᠤᠢ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠶ᠎ᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠷ ᠪᠦᠭᠦ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ | ᠣᠶᠢᠯᠠᠭᠠᠭᠳᠠᠬᠤᠨ ᠢ ᠪᠠᠷᠢᠮᠲᠠᠯᠠᠵᠤ᠂ ᠬᠥᠭᠵᠢᠵᠦ ᠪᠠᠶᠢᠭ᠎ᠠ ᠤᠯᠤᠰ ᠤᠳ ᠢ ᠬᠠᠪᠰᠤᠷᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠯᠭᠡ ᠪᠠ ᠮᠡᠷᠭᠡᠵᠢᠯ ᠤᠨ ᠪᠦᠭᠦ ᠪᠥᠮᠪᠥᠷᠴᠡᠭ ᠤᠨ | ᠰᠢᠯᠵᠢᠯᠲᠡ ᠳᠤ ᠬᠦᠴᠦᠨ ᠨᠡᠮᠡᠷᠢᠯᠡᠶ᠎ᠡ᠃ | ᠬᠤᠶᠠᠷ ᠲᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠠᠵᠤ | ᠠᠬᠤᠢ ᠶᠢᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠤᠶ᠎ᠠ᠃ ᠬᠠᠮᠲᠤ ᠪᠠᠷ ᠵᠥᠪᠳᠡᠬᠦ ᠬᠠᠮᠲᠤ ᠪᠠᠷ | ᠪᠠᠶᠢᠭᠤᠯᠬᠤ ᠬᠠᠮᠲᠤ ᠪᠠᠷ ᠡᠳ᠋ᠯᠡᠬᠦ ᠵᠠᠷᠴᠢᠮ ᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢᠨ | ᠰᠢᠰᠲ᠋ᠧᠮ ᠤᠨ ᠳᠡᠯᠡᠬᠡᠢ ᠶᠢᠨ ᠠᠵᠤ ᠠᠬᠤᠢ ᠶᠢᠨ ᠪᠠᠶᠢᠷᠢᠰᠢᠯ ᠤᠨ ᠰᠢᠨ᠎ᠡ ᠪᠣᠳᠠᠲᠤ ᠪᠠᠶᠢᠳᠠᠯ ᠢ ᠨᠡᠩ ᠰᠠᠶᠢᠲᠤᠷ ᠲᠤᠰᠬᠠᠬᠤ ᠶᠢ | ᠠᠬᠢᠭᠤᠯᠵᠤ᠂ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ︾ ᠤᠨ ᠲᠥᠯᠥᠭᠡᠯᠡᠬᠦ ᠴᠢᠨᠠᠷ ᠪᠣᠯᠣᠨ ᠦᠭᠡ | ᠬᠡᠯᠡᠬᠦ ᠡᠷᠬᠡ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠯ᠎ᠡ ᠤᠯᠤᠰ ᠤᠨ ᠤᠯᠠᠨ ᠤᠯᠤᠰ ᠤᠨ ᠠᠵᠤ ᠠᠬᠤᠢ ᠶᠢᠨ | ᠬᠠᠮᠲᠤᠷᠠᠯᠴᠠᠭ᠎ᠠ ᠳᠤᠮᠳᠠ ᠡᠷᠬᠡ ᠠᠰᠢᠭ ᠡᠷᠬᠡ ᠲᠡᠭᠰᠢ᠂ ᠠᠵᠠ ᠲᠣᠭᠢᠶᠠᠯ ᠡᠷᠬᠡ ᠲᠡᠭᠰᠢ᠂ ᠳᠦᠷᠢᠮ ᠡᠷᠬᠡ ᠲᠡᠭᠰᠢ | ᠪᠠᠶᠢᠬᠤ ᠶᠢ ᠪᠠᠲᠤᠯᠠᠶ᠎ᠠ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠤᠯᠭᠠᠬᠰᠠᠨ ᠤᠯᠠᠨ ᠲᠠᠯᠠᠲᠤ | ᠠᠷᠠᠯᠵᠢᠶᠠᠨ ᠤ ᠪᠠᠶᠢᠭᠤᠯᠤᠯ ᠢ ᠬᠠᠮᠠᠭᠠᠯᠠᠵᠤ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢᠨ ᠰᠢᠰᠲ᠋ᠧᠮ ᠢ | ᠪᠠᠶᠢᠭᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠶ᠎ᠠ᠃ | ᠭᠤᠷᠪᠠ ᠳᠤ᠂ ᠬᠥᠮᠥᠨ ᠢᠶᠠᠷ ᠦᠨᠳᠦᠰᠦ ᠪᠤᠯᠭᠠᠬᠤ ᠶᠢ ᠪᠠᠷᠢᠮᠲᠠᠯᠠᠵᠤ᠂ ᠬᠥᠭᠵᠢᠯᠲᠡ ᠲᠡᠩᠴᠡᠭᠦᠷᠢ ᠪᠠᠨ ᠠᠯᠳᠠᠭᠰᠠᠨ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠶ᠎ᠠ᠃ ᠳᠡᠯᠡᠬᠡᠢ ᠶᠢᠨ ᠴᠡᠴᠡᠭᠯᠡᠯ ᠬᠥᠭᠵᠢᠯ ᠪᠠ ᠲᠣᠭᠲᠠᠭᠤᠨ ᠨᠢ ᠶᠠᠳᠠᠭᠤ ᠨᠢ | ᠶᠠᠪᠤᠬᠤ ᠲᠤᠳᠤᠮ ᠶᠠᠳᠠᠭᠤᠷᠠᠬᠤ᠂ ᠪᠠᠶᠠᠨ ᠨᠢ ᠶᠠᠪᠤᠬᠤ ᠲᠤᠳᠤᠮ ᠪᠠᠶᠠᠵᠢᠬᠤ ᠰᠠᠭᠤᠷᠢᠨ ᠳᠡᠭᠡᠷ᠎ᠡ ᠪᠠᠶᠢᠭᠤᠯᠤᠭᠳᠠᠬᠤ | ᠪᠣᠯᠣᠯᠴᠠᠭ᠎ᠠ ᠦᠭᠡᠢ ᠶᠤᠮ᠂ ᠡᠯ᠎ᠡ ᠤᠯᠤᠰ ᠤᠨ ᠬᠠᠮᠲᠤ ᠶᠢᠨ ᠬᠥᠭᠵᠢᠯᠲᠡ ᠪᠣᠯ ᠰᠠᠶ᠋ᠢ ᠵᠢᠩᠬᠢᠨᠢ ᠬᠥᠭᠵᠢᠯᠲᠡ ᠮᠥᠨ᠃ ᠠᠵᠤ | ᠠᠬᠤᠢ ᠶᠢᠨ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠬᠤ ᠶᠢ ᠴᠢᠬᠤᠯᠠᠴᠢᠯᠠᠵᠤ᠂ ᠪᠠᠭᠲᠠᠭᠠᠮᠵᠢᠲᠠᠢ | ᠲᠦᠭᠡᠮᠡᠯ ᠬᠠᠷᠠᠭᠠᠯᠵᠠᠯᠲᠤ ᠬᠥᠭᠵᠢᠯᠲᠡ ᠶᠢᠨ ᠣᠷᠴᠢᠨ ᠨᠥᠬᠦᠴᠡᠯ ᠢ ᠡᠭᠦᠳᠦᠶ᠎ᠡ᠃ ᠬᠥᠮᠥᠨ ᠢᠶᠠᠷ ᠦᠨᠳᠦᠰᠦ ᠪᠤᠯᠭᠠᠬᠤ᠂ | ᠬᠥᠭᠵᠢᠯᠲᠡ ᠶᠢ ᠨᠡᠩ ᠲᠡᠩᠴᠡᠭᠦᠷᠢᠲᠡᠢ᠂ ᠠᠵᠠ ᠲᠣᠭᠢᠶᠠᠯ ᠢ ᠨᠡᠩ ᠲᠡᠩᠴᠡᠭᠦᠷᠢᠲᠡᠢ ᠪᠤᠯᠭᠠᠬᠤ ᠠᠵᠤ ᠠᠬᠤᠢ ᠶᠢᠨ | ᠳᠡᠯᠡᠬᠡᠶᠢᠵᠢᠯᠲᠡ ᠶᠢᠨ ᠵᠠᠮ ᠢᠶᠠᠷ ᠵᠠᠮᠨᠠᠵᠤ᠂ ᠠᠳᠠᠯᠢ ᠪᠤᠰᠤ ᠤᠯᠤᠰ᠂ ᠠᠳᠠᠯᠢ ᠪᠤᠰᠤ ᠳᠠᠪᠬᠤᠷᠭ᠎ᠠ᠂ ᠠᠳᠠᠯᠢ ᠪᠤᠰᠤ | ᠬᠥᠮᠥᠰ ᠲᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠶ᠎ᠡ᠃ ᠳᠤᠮᠳᠠᠳᠤ ᠤᠯᠤᠰ ᠡᠯ᠎ᠡ | ᠲᠠᠯ᠎ᠠ ᠶᠢᠨ ᠬᠢᠨ ᠤ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠳᠤ ᠢᠳᠡᠪᠬᠢᠲᠡᠢ ᠣᠷᠣᠯᠴᠠᠵᠤ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ | ᠲᠦᠷᠭᠡᠨ ᠨᠠᠶᠢᠳᠠᠪᠤᠷᠢᠵᠢᠭᠤᠯᠵᠤ᠂ ᠡᠯ᠎ᠡ ᠤᠯᠤᠰ ᠤᠨ ᠲᠡᠩᠴᠡᠭᠦᠷᠢᠲᠡᠢ ᠭᠦᠢᠴᠡᠳ ᠬᠥᠭᠵᠢᠯᠲᠡ ᠶᠢ ᠠᠬᠢᠭᠤᠯᠬᠤ ᠳᠤ | ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕ | ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠨᠢ | ᠬᠦᠢᠲᠡᠨ ᠲᠠᠶᠢᠨ ᠳᠠᠭᠤᠰᠬᠤ ᠠᠴᠠ ᠡᠮᠦᠨᠡᠬᠡᠨ ᠪᠠ ᠰᠢᠨ᠎ᠡ ᠨᠢᠭᠡ ᠡᠭᠡᠯᠵᠢ ᠶᠢᠨ ᠠᠵᠤ ᠠᠬᠤᠢ ᠶᠢᠨ ᠳᠡᠯᠡᠬᠡᠶᠢᠵᠢᠯᠲᠡ | ᠠᠭᠠᠵᠢᠮ ᠢᠶᠠᠷ ᠥᠷᠨᠢᠨ ᠬᠥᠭᠵᠢᠬᠦ ᠦᠶ᠎ᠡ ᠳᠤ ᠮᠡᠨᠳᠦᠯᠡᠵᠦ᠂ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠬᠤ ᠪᠠᠷ | ᠥᠪᠡᠷ ᠤᠨ ᠡᠭᠦᠷᠭᠡ ᠪᠠᠨ ᠪᠤᠯᠭᠠᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠷᠠᠯᠵᠢᠶ᠎ᠠ ᠪᠠ ᠪᠡᠯᠡ | ᠣᠷᠣᠭᠤᠯᠤᠯᠲᠠ ᠶᠢᠨ ᠴᠢᠯᠦᠭᠡᠵᠢᠯᠲᠡ ᠪᠠ ᠨᠠᠩ ᠳᠥᠭᠦᠮ ᠪᠤᠯᠬᠤ ᠶᠢ ᠠᠬᠢᠭᠤᠯᠬᠤ᠂ ᠪᠦᠷᠢᠯᠳᠦᠭᠦᠨ ᠤ ᠠᠵᠤ ᠠᠬᠤᠢ ᠶᠢᠨ | ᠬᠠᠷᠢᠯᠴᠠᠨ ᠠᠰᠢᠭᠲᠠᠢ ᠬᠠᠷᠢᠯᠴᠠᠨ ᠠᠰᠢᠭ ᠬᠦᠷᠲᠡᠭᠡᠬᠦ ᠶᠢ ᠠᠬᠢᠭᠤᠯᠬᠤ᠂ ᠲᠤᠰ ᠭᠠᠵᠠᠷ ᠣᠷᠣᠨ ᠤ ᠠᠷᠠᠳ ᠲᠦᠮᠡᠨ ᠤ | ᠠᠰᠢᠭ ᠲᠤᠰᠠ ᠪᠤᠶᠠᠨ ᠵᠢᠷᠭᠠᠯ ᠢ ᠨᠡᠮᠡᠭᠳᠡᠭᠦᠯᠬᠦ ᠳᠤ ᠯᠤᠲᠤ ᠶᠡᠭᠡ ᠬᠤᠪᠢ ᠨᠡᠮᠡᠷᠢ ᠦᠵᠡᠭᠦᠯᠵᠡᠢ᠃ ᠠᠽᠢᠶ᠎ᠠ ᠲᠢᠪ ᠨᠣᠮᠣᠬᠠᠨ | ᠳᠠᠯᠠᠢ ᠶᠢᠨ ᠣᠷᠣᠨ ᠤ ᠠᠵᠤ ᠠᠬᠤᠢ ᠬᠦᠴᠦᠲᠡᠢ ᠨᠡᠮᠡᠭᠳᠡᠯ ᠢᠶᠠᠨ ᠪᠠᠲᠤᠯᠠᠵᠤ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ | ︽ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠭᠠᠶᠢᠬᠠᠮᠰᠢᠭ︾ ᠢ ᠡᠭᠦᠳᠪᠡ᠃ | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠮᠵᠢᠯᠲᠠ ᠨᠢ ᠪᠢᠳᠡᠨ ᠤ ᠭᠠᠵᠠᠷ ᠣᠷᠣᠨ ᠤ ᠡᠩᠬᠡ ᠲᠠᠶᠢᠪᠤᠩ | ᠲᠣᠭᠲᠠᠭᠤᠨ ᠢ ᠬᠠᠮᠠᠭᠠᠯᠠᠬᠤ ᠪᠠᠷ ᠢᠮᠠᠭᠲᠠ ᠴᠢᠷᠮᠠᠶᠢᠭᠰᠠᠨ ᠠᠴᠠ ᠰᠢᠯᠲᠠᠭᠠᠯᠠᠭᠳᠠᠭᠰᠠᠨ ᠶᠤᠮ᠂ ᠪᠢᠳᠡᠨ ᠤ ᠵᠢᠩᠬᠢᠨᠢ ᠤᠯᠠᠨ | ᠲᠠᠯᠠᠲᠤ ᠦᠵᠡᠯ ᠪᠣᠯᠣᠨ ᠨᠡᠭᠡᠭᠡᠯᠲᠡᠲᠤ ᠣᠷᠣᠨ ᠪᠦᠰᠡ ᠶᠢᠨ ᠦᠵᠡᠯ ᠢ ᠢᠮᠠᠭᠲᠠ ᠪᠠᠷᠢᠮᠲᠠᠯᠠᠭᠰᠠᠨ ᠠᠴᠠ ᠰᠢᠯᠲᠠᠭᠠᠯᠠᠭᠳᠠᠭᠰᠠᠨ | ᠶᠤᠮ᠂ ᠪᠢᠳᠡᠨ ᠤ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠷᠦᠩᠬᠡᠢ ᠬᠠᠨᠳᠤᠰᠢ ᠳᠤ ᠢᠮᠠᠭᠲᠠ ᠵᠣᠬᠢᠴᠠᠵᠤ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠳᠡᠭᠦ ᠪᠠ ᠬᠠᠷᠢᠯᠴᠠᠨ ᠠᠮᠵᠢᠯᠲᠠ ᠣᠯᠬᠤ ᠶᠢ ᠪᠠᠷᠢᠮᠲᠠᠯᠠᠭᠰᠠᠨ ᠠᠴᠠ ᠰᠢᠯᠲᠠᠭᠠᠯᠠᠭᠳᠠᠭᠰᠠᠨ | ᠶᠤᠮ᠃ | ᠢᠷᠡᠭᠡᠳᠦᠢ ᠶᠢ ᠪᠠᠷᠠᠯᠠᠬᠤᠶ᠎ᠠ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠦᠷᠭᠦᠯᠵᠢᠯᠡᠨ ᠠᠵᠤ ᠠᠬᠤᠢ ᠶᠢᠨ | ᠳᠡᠯᠡᠬᠡᠶᠢᠵᠢᠯᠲᠡ ᠶᠢ ᠠᠬᠢᠭᠤᠯᠬᠤ ᠪᠤᠬ᠎ᠠ ᠲᠡᠷᠭᠡ ᠪᠤᠯᠬᠤ ᠬᠡᠷᠡᠭᠲᠡᠢ᠃ ᠪᠢᠳᠡ ᠲᠥᠪ ᠶᠣᠰᠣ ᠶᠢ ᠪᠠᠷᠢᠮᠲᠠᠯᠠᠨ ᠰᠢᠨ᠎ᠡ ᠶᠢ | ᠡᠭᠦᠳᠴᠦ᠂ ᠨᠡᠭᠡᠭᠡᠯᠲᠡᠲᠡᠢ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ᠂ ᠪᠠᠭᠲᠠᠭᠠᠮᠵᠢᠲᠠᠢ ᠠᠽᠢᠶ᠎ᠠ ᠲᠢᠪ ᠨᠣᠮᠣᠬᠠᠨ | ᠲᠠᠯᠠᠢ ᠶᠢᠨ ᠣᠷᠣᠨ ᠤ ᠠᠯᠲᠠᠨ ᠦᠰᠦᠭᠲᠦ ᠫᠠᠶᠢᠰᠠ ᠶᠢ ᠭᠢᠯᠠᠯᠵᠠᠭᠤᠯᠵᠤ᠂ ᠪᠣᠬᠢᠷᠳᠤᠯ ᠦᠭᠡᠢ ᠠᠽᠢᠶ᠎ᠠ ᠲᠢᠪ ᠨᠣᠮᠣᠬᠠᠨ | ᠳᠠᠯᠠᠢ ᠶᠢᠨ ᠣᠷᠣᠨ᠂ ᠲᠣᠭᠠᠴᠢᠯᠠᠭᠰᠠᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠰᠢᠨ᠎ᠡ ᠫᠠᠶᠢᠰᠠ ᠶᠢ ᠴᠣᠭᠴᠠᠯᠠᠵᠤ᠂ | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ | ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠥᠭᠵᠢᠯᠲᠡ ᠶᠢᠨ ᠳᠠᠷᠠᠭᠠᠴᠢ ᠶᠢᠨ ︽ᠰᠢᠵᠢᠷ ᠠᠯᠲᠠᠨ ᠭᠤᠴᠢᠨ ᠵᠢᠯ︾ ᠢ | ᠴᠣᠭᠴᠠᠯᠠᠶ᠎ᠠ᠃ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕ | ᠡᠨᠡ ᠵᠢᠯ ᠤᠨ 7 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢ ᠬᠤᠷᠠᠯᠳᠤᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ | ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃ ᠪᠦᠭᠦᠳᠡ ᠬᠤᠷᠠᠯ ᠠᠴᠠ 5 ᠵᠢᠯ ᠤᠨ ᠳᠣᠲᠣᠷ᠎ᠠ 300 ᠭᠠᠷᠤᠢ ᠵᠦᠢᠯ ᠤᠨ | ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠡᠶᠡᠯᠡᠭᠦᠯᠦᠨ᠎ᠡ ᠭᠡᠵᠦ ᠳᠤᠷᠠᠳᠴᠠᠢ᠂ ᠡᠨᠡ ᠨᠢ ᠳᠤᠮᠳᠠᠳᠤ ᠤᠯᠤᠰ ᠤᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠥᠭᠡᠳ ᠳᠡᠯᠡᠬᠡᠢ ᠶᠢᠨ | ᠬᠥᠭᠵᠢᠯᠲᠡ ᠳᠤ ᠨᠡᠩ ᠤᠯᠠᠨ ᠰᠢᠨ᠎ᠡ ᠠᠵᠠ ᠲᠣᠭᠢᠶᠠᠯ ᠢ ᠡᠭᠦᠳᠬᠦ ᠪᠣᠯᠣᠨ᠎ᠠ᠃ | — ᠳᠤᠮᠳᠠᠳᠤ ᠤᠯᠤᠰ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠦᠷᠭᠦᠯᠵᠢᠯᠡᠨ ᠪᠦᠭᠦ | ᠪᠥᠮᠪᠥᠷᠴᠡᠭ ᠤᠨ ᠠᠵᠤ ᠠᠬᠤᠢ ᠳᠤ ᠬᠦᠴᠦᠷᠬᠡᠭ ᠶᠡᠭᠡ ᠬᠥᠳᠡᠯᠭᠡᠬᠦ ᠡᠨᠧᠷᠭᠢ ᠨᠡᠮᠡᠷᠢᠯᠡᠨ᠎ᠡ᠃ ᠳᠤᠮᠳᠠᠳᠤ ᠤᠯᠤᠰ ᠥᠨᠳᠥᠷ | ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠵᠤ᠂ ᠨᠡᠩ ᠡᠷᠬᠡ | ᠲᠡᠭᠰᠢ᠂ ᠨᠡᠩ ᠠᠮᠢᠵᠢᠷᠠᠯ ᠤᠨ ᠬᠦᠴᠦᠨ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠡᠭᠦᠳᠴᠦ᠂ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠦᠷ᠎ᠡ ᠠᠰᠢᠭ ᠬᠠᠮᠤᠭ ᠤᠨ ᠰᠢᠯᠢᠳᠡᠭᠵᠢᠭᠰᠡᠨ ᠪᠠ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ ᠶᠢ | ᠪᠡᠶᠡᠯᠡᠭᠦᠯᠬᠦ ᠶᠢ ᠠᠬᠢᠭᠤᠯᠤᠨ᠎ᠠ᠃ ᠳᠤᠮᠳᠠᠳᠤ ᠤᠯᠤᠰ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ᠂ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ | ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠪᠣᠭᠤᠮᠲᠠ ᠰᠢᠪᠲᠤᠯᠬᠤ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠬᠡᠷᠡᠭᠯᠡᠭᠡ ᠶᠢ ᠨᠡᠮᠡᠭᠳᠡᠭᠦᠯᠵᠦ᠂ ᠳᠣᠲᠣᠭᠠᠳᠤ ᠬᠡᠷᠡᠭᠴᠡᠭᠡ ᠶᠢ | ᠥᠷᠭᠡᠳᠬᠡᠵᠦ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ᠳᠤᠮᠳᠠᠳᠤ ᠤᠯᠤᠰ | ᠠᠯᠢ ᠤᠯᠠᠨ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠡᠶᠢᠲᠡᠯᠡᠵᠦ᠂ ᠠᠵᠤ ᠠᠬᠤᠢ ᠶᠢᠨ ᠦᠷᠭᠦᠯᠵᠢᠯᠡᠨ ᠨᠡᠮᠡᠭᠳᠡᠨ | ᠰᠠᠶᠢᠵᠢᠷᠠᠬᠤ ᠶᠢ ᠬᠦᠴᠦᠲᠡᠢ ᠠᠬᠢᠭᠤᠯᠵᠤ᠂ ᠡᠨᠡ ᠵᠢᠯ ᠤᠨ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠶᠢ ᠪᠡᠶᠡᠯᠡᠭᠦᠯᠵᠦ᠂ | ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠠᠮᠤᠭ ᠤᠨ ᠶᠡᠭᠡ ᠬᠥᠳᠡᠯᠭᠡᠭᠦᠷ ᠤᠨ ᠦᠢᠯᠡᠳᠦᠯ ᠢ ᠦᠷᠭᠦᠯᠵᠢᠯᠡᠨ | ᠪᠠᠳᠠᠷᠠᠭᠤᠯᠬᠤ ᠢᠲᠡᠭᠡᠯ ᠭᠦᠢᠴᠡᠳ ᠪᠠᠶᠢᠨ᠎ᠠ᠃ | — ᠳᠤᠮᠳᠠᠳᠤ ᠤᠯᠤᠰ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠡᠯᠡᠬᠡᠢ ᠶᠢᠨ ᠠᠵᠤ ᠠᠬᠤᠢ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠬᠥᠲᠥᠯᠥᠨ ᠳᠠᠭᠠᠭᠤᠯᠤᠨ᠎ᠠ᠃ ᠡᠨᠡ ᠵᠢᠯ ᠤᠨ | ᠳᠡᠭᠡᠷ᠎ᠡ ᠬᠠᠭᠠᠰ ᠵᠢᠯ ᠳᠤᠮᠳᠠᠳᠤ ᠤᠯᠤᠰ ᠤᠨ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠪᠠ ᠳᠡᠭᠡᠳᠦ ᠮᠡᠷᠭᠡᠵᠢᠯ ᠤᠨ | ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠪᠦᠷ ᠬᠤᠶᠠᠷ ᠣᠷᠣᠨᠲᠤ | ᠲᠤᠭ᠎ᠠ ᠠᠴᠠ ᠳᠡᠭᠡᠭᠰᠢ ᠪᠣᠯᠵᠤ᠂ ᠠᠵᠤ ᠠᠬᠤᠢ ᠶᠢᠨ ᠪᠦᠲᠦᠴᠡ ᠪᠠ ᠨᠡᠮᠡᠭᠳᠡᠯ ᠤᠨ ᠵᠠᠭᠪᠤᠷ ᠲᠠᠰᠤᠷᠠᠯᠲᠠ ᠦᠭᠡᠢ | ᠰᠢᠯᠢᠳᠡᠭᠵᠢᠪᠡ᠃ ᠳᠤᠮᠳᠠᠳᠤ ᠤᠯᠤᠰ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠪᠣᠯᠣᠨ ᠲᠣᠭᠠᠴᠢᠯᠠᠭᠰᠠᠨ ᠠᠵᠤ | ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠦᠢᠯᠡᠴᠢᠯᠡᠭᠡᠨ ᠤ ᠦᠢᠯᠡᠰ ᠢ ᠢᠳᠡᠪᠬᠢᠲᠡᠢ ᠬᠥᠭᠵᠢᠭᠦᠯᠵᠦ᠂ | ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠢ ᠳᠡᠭᠡᠭᠰᠢᠯᠡᠭᠦᠯᠦᠨ᠎ᠡ᠃ ᠳᠤᠮᠳᠠᠳᠤ ᠤᠯᠤᠰ ︽ᠨᠢᠭᠡ | ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠪᠠᠷ ᠴᠢᠷᠮᠠᠶᠢᠵᠤ᠂ ᠡᠯ᠎ᠡ | ᠣᠷᠣᠯᠴᠠᠬᠰᠠᠨ ᠲᠠᠯ᠎ᠠ ᠶᠢᠨ ᠬᠢᠨ ᠲᠠᠢ ᠬᠠᠮᠲᠤ ᠪᠠᠷ ᠡᠬᠡ ᠬᠠᠭᠤᠷᠠᠢ ᠳᠠᠯᠠᠢ ᠲᠠᠩᠭᠢᠰ ᠲᠠᠢ ᠬᠤᠯᠪᠤᠭᠠᠯᠠᠨ ᠬᠥᠳᠡᠯᠦᠯᠴᠡᠬᠦ ᠪᠠ | ᠬᠠᠮᠵᠢᠯᠴᠠᠨ ᠬᠥᠭᠵᠢᠬᠦ ᠬᠤᠯᠪᠣᠯᠳᠤᠨ ᠨᠡᠪᠲᠡᠷᠡᠯᠴᠡᠬᠦ ᠲᠣᠣᠷ ᠢ ᠬᠠᠮᠲᠤ ᠪᠠᠷ ᠪᠠᠶᠢᠭᠤᠯᠬᠤ ᠪᠠᠷ ᠴᠢᠷᠮᠠᠶᠢᠨ᠎ᠠ᠃ | — ᠳᠤᠮᠳᠠᠳᠤ ᠤᠯᠤᠰ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠪᠦᠭᠦ | ᠪᠥᠮᠪᠥᠷᠴᠡᠭ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠴᠢᠬᠤᠯᠠ ᠬᠥᠳᠡᠯᠭᠡᠬᠦ ᠬᠦᠴᠦᠨ ᠬᠠᠩᠭᠠᠨ᠎ᠠ | ᠃ ᠣᠶᠢᠷ᠎ᠠ ᠶᠢᠨ ᠵᠢᠯ ᠤᠨ ᠲᠤᠷᠰᠢ᠂ ᠳᠤᠮᠳᠠᠳᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ︽ᠪᠣᠬᠢᠷᠳᠤᠯ | ᠦᠭᠡᠢ ᠶᠢᠨ ᠠᠭᠤᠯᠤᠭᠳᠠᠴᠠ︾ ᠦᠷᠭᠦᠯᠵᠢᠯᠡᠨ ᠳᠡᠭᠡᠭᠰᠢᠯᠡᠵᠦ᠂ ᠳᠡᠯᠡᠬᠡᠢ ᠶᠢᠨ ᠬᠡᠪᠴᠢᠶᠡᠨ ᠳᠤ ᠭᠠᠵᠠᠷ ᠰᠢᠷᠣᠢ | ᠮᠠᠭᠤᠳᠠᠯ ᠤᠨ ᠪᠠᠶᠢᠳᠠᠯ ︽ᠨᠡᠮᠡᠭᠳᠡᠯ ᠦᠭᠡᠢ︾ ᠪᠠᠶᠢᠬᠤ ᠶᠢ ᠡᠩ ᠲᠡᠷᠢᠭᠦᠨ ᠳᠤ ᠪᠡᠶᠡᠯᠡᠭᠦᠯᠵᠦ᠂ ᠰᠢᠨ᠎ᠡ ᠪᠠᠷ ᠨᠡᠮᠡᠭᠳᠡᠭᠰᠡᠨ | ᠨᠣᠭᠤᠭᠠᠷᠠᠭᠤᠯᠤᠯᠲᠠ ᠶᠢᠨ ᠲᠠᠯᠠᠪᠠᠶ ᠪᠦᠭᠦ ᠪᠥᠮᠪᠥᠷᠴᠡᠭ ᠤᠨ ᠳᠥᠷᠪᠡᠨ ᠤ ᠨᠢᠭᠡ ᠬᠤᠪᠢ ᠶᠢ ᠡᠵᠡᠯᠡᠪᠡ᠃ ᠳᠤᠮᠳᠠᠳᠤ ᠤᠯᠤᠰ | ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠪᠣᠬᠢᠷᠳᠤᠯ ᠦᠭᠡᠢ ᠠᠭᠤᠷᠬᠠᠢ ᠶᠢᠨ | ᠤᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠵᠤ᠂ ᠨᠢᠭᠡᠨᠲᠡ ᠳᠡᠯᠡᠬᠡᠢ ᠶᠢᠨ ᠡᠨᠧᠷᠭᠢ ᠶᠢᠨ ᠬᠤᠷᠣᠭᠳᠠᠯ ᠤᠨ ᠬᠡᠮᠵᠢᠶ᠎ᠡ | ᠬᠠᠮᠤᠭ ᠤᠨ ᠲᠦᠷᠭᠡᠨ ᠪᠠᠭᠤᠷᠠᠭᠰᠠᠨ ᠤᠯᠤᠰ ᠤᠨ ᠨᠢᠭᠡ ᠪᠣᠯᠵᠠᠢ᠃ ᠵᠦᠪᠭᠡᠨ 2023 ᠣᠨ ᠳᠤ ᠳᠤᠮᠳᠠᠳᠤ ᠤᠯᠤᠰ ᠤᠨ | ᠰᠠᠯᠬᠢᠨ ᠬᠦᠴᠦᠨ ᠤ ᠴᠠᠭᠢᠯᠭᠠᠨ ᠪᠠ ᠭᠡᠷᠡᠯᠴᠢ ᠴᠡᠨᠡᠭ ᠤᠨ ᠦᠢᠯᠡᠳᠬᠦᠨ ᠨᠢ ᠪᠤᠰᠤᠳ ᠤᠯᠤᠰ ᠢ ᠬᠠᠪᠰᠤᠷᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠷᠤᠭ 8.1 ᠳ᠋ᠦᠩᠰᠢᠭᠤᠷ ᠲᠣᠨ ᠪᠠᠭᠠᠰᠬᠠᠵᠤ᠂ ᠡᠯ᠎ᠡ ᠤᠯᠤᠰ ᠤᠨ ᠴᠡᠪᠡᠷ᠂ | ᠨᠠᠶᠢᠳᠠᠪᠤᠷᠢᠲᠠᠢ᠂ ᠬᠡᠷᠡᠭᠯᠡᠵᠦ ᠳᠡᠶᠢᠯᠭᠦ ᠡᠨᠧᠷᠭᠢ ᠣᠯᠬᠤ ᠳᠤ ᠬᠦᠴᠦᠨ ᠨᠡᠮᠡᠷᠢᠯᠡᠵᠦ᠂ ᠪᠦᠭᠦ ᠪᠥᠮᠪᠥᠷᠴᠡᠭ ᠤᠨ ᠠᠭᠤᠷ | ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | — ᠳᠤᠮᠳᠠᠳᠤ ᠤᠯᠤᠰ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ | ᠪᠠᠶᠢᠭᠤᠯᠤᠯ ᠢ ᠪᠠᠶᠢᠭᠤᠯᠵᠤ᠂ ᠳᠤᠮᠳᠠᠳᠤ ᠤᠯᠤᠰ ᠤᠨ ᠬᠥᠭᠵᠢᠯᠲᠡ ᠶᠢᠨ ᠠᠵᠠ ᠲᠣᠭᠢᠶᠠᠯ ᠢ ᠦᠷᠭᠦᠯᠵᠢᠯᠡᠨ ᠳᠡᠯᠡᠬᠡᠢ | ᠳ᠋ᠠᠬᠢᠨ ᠲᠠᠢ ᠬᠤᠪᠢᠶᠠᠯᠴᠠᠨ᠎ᠠ᠃ ᠨᠡᠭᠡᠭᠡᠯᠲᠡ ᠬᠢᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠡ | ᠲᠣᠳᠣ ᠲᠡᠮᠳᠡᠭ ᠢᠯᠡᠳᠬᠡᠮᠵᠢ ᠮᠥᠨ᠃ ᠡᠨᠡ ᠵᠢᠯ ᠠᠴᠠ ᠨᠠᠭᠠᠰᠢ᠂ ᠳᠤᠮᠳᠠᠳᠤ ᠤᠯᠤᠰ ᠦᠢᠯᠡᠳᠬᠦ ᠦᠢᠯᠡᠰ ᠤᠨ | ᠬᠦᠷᠢᠶᠡᠨ ᠳᠤ ᠭᠠᠳᠠᠭᠠᠳᠤ ᠪᠡᠯᠡ ᠶᠢ ᠤᠷᠤᠭᠤᠯᠬᠤ ᠶᠢ ᠵᠥᠪᠰᠢᠶᠡᠷᠡᠬᠦ ᠲᠠᠯ᠎ᠠ ᠶᠢᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠭᠦ | ᠲᠠᠯ᠎ᠠ ᠪᠠᠷ ᠬᠦᠴᠦᠨ ᠦᠭᠡᠢ ᠪᠤᠯᠭᠠᠵᠤ᠂ ᠠᠩᠬ᠎ᠠ ᠤᠳᠠᠭ᠎ᠠ ᠪᠦᠭᠦ ᠤᠯᠤᠰ ᠤᠨ ᠬᠡᠪᠴᠢᠶᠡᠨ ᠳᠤ ᠬᠢᠯᠢ ᠠᠯᠤᠰᠯᠠᠭᠰᠠᠨ | ᠦᠢᠯᠡᠴᠢᠯᠡᠭᠡᠨ ᠤ ᠠᠷᠠᠯᠵᠢᠶ᠎ᠠ ᠳᠤ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ | ᠴᠠᠭᠢᠯᠭᠠᠨ ᠴᠢᠮᠡᠭᠡ ᠬᠤᠯᠪᠤᠭ᠎ᠠ᠂ ᠢᠨᠲ᠋ᠧᠷ ᠰᠦᠯᠵᠢᠶ᠎ᠡ᠂ ᠰᠤᠷᠭᠠᠨ ᠬᠥᠮᠦᠵᠢᠯ᠂ ᠰᠣᠶᠣᠯ᠂ ᠡᠮᠴᠢᠯᠡᠭᠡ ᠵᠡᠷᠭᠡ | ᠬᠦᠷᠢᠶᠡᠨ ᠳᠠᠬᠢ ᠨᠡᠭᠡᠭᠡᠯᠲᠡ ᠪᠠᠨ ᠡᠮᠬᠢ ᠵᠢᠷᠤᠮ ᠲᠠᠢ ᠪᠠᠷ ᠥᠷᠭᠡᠳᠬᠡᠬᠦ ᠶᠢ ᠠᠬᠢᠭᠤᠯᠵᠤ᠂ ︽ᠪᠦᠭᠦ ᠲᠠᠯ᠎ᠠ ᠶᠢᠨ ᠬᠢᠭᠡᠳ | ᠳᠠᠪᠰᠢᠯᠲᠠ ᠲᠠᠢ ᠨᠣᠮᠣᠬᠠᠨ ᠲᠡᠯᠡᠶ ᠠᠯᠤᠰᠯᠠᠭᠰᠠᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠪᠣᠯᠣᠨ ︽ | ᠲᠣᠭᠠᠴᠢᠯᠠᠭᠰᠠᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠵᠥᠪᠳᠡᠯᠴᠡᠭᠡᠷ︾ ᠵᠡᠷᠭᠡ ᠣᠯᠠᠨ ᠤᠯᠤᠰ ᠤᠨ ᠥᠨᠳᠥᠷ | ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠦᠷᠢᠮ ᠤᠨ | ᠭᠡᠯᠪᠡᠷᠢ ᠶᠢᠨ ᠨᠡᠭᠡᠭᠡᠯᠲᠡ ᠶᠢ ᠲᠣᠭᠲᠠᠭᠤᠨ ᠢᠶᠠᠷ ᠥᠷᠭᠡᠳᠬᠡᠪᠡ᠃ ᠳᠤᠮᠳᠠᠳᠤ ᠤᠯᠤᠰ 144 ᠴᠠᠭ ᠤᠨ ᠳᠣᠲᠣᠷ᠎ᠠ ᠬᠢᠯᠢ ᠪᠠᠷ | ᠥᠩᠭᠡᠷᠡᠬᠦ ᠳᠤ ᠸᠢᠰᠠᠯᠡᠭᠦ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠳᠡᠯᠭᠡᠷᠡᠭᠦᠯᠵᠦ᠂ ᠳᠤᠮᠳᠠᠳᠤ | ᠭᠠᠳᠠᠭᠠᠳᠤ ᠶᠢᠨ ᠬᠥᠮᠥᠰ ᠤᠨ ᠶᠠᠪᠤᠯᠴᠠᠭ᠎ᠠ ᠳᠤ ᠤᠯᠠᠮ ᠨᠢᠭᠡ ᠠᠯᠬᠤᠮ ᠲᠥᠭᠦᠮ ᠦᠵᠡᠭᠦᠯᠵᠦ᠂ ︽ᠳᠤᠮᠳᠠᠳᠤ ᠤᠯᠤᠰ ᠤᠨ | ᠵᠢᠭᠤᠯᠴᠢᠯᠠᠯ︾ ᠢ ᠬᠥᠭᠵᠢᠶᠡᠨ ᠲᠠᠢ ᠪᠣᠯᠭᠠᠪᠠ᠃ ᠲᠠᠷᠠᠭᠠᠴᠢ ᠪᠠᠷ᠂ ᠳᠤᠮᠳᠠᠳᠤ ᠤᠯᠤᠰ ᠨᠠᠩ ᠣᠯᠠᠨ ᠪᠡᠶ᠎ᠡ ᠪᠠᠨ ᠳᠠᠭᠠᠭᠠᠵᠤ | ᠨᠡᠭᠡᠭᠡᠯᠲᠡ ᠬᠢᠬᠦ ᠪᠠ ᠭᠠᠭᠴᠠ ᠲᠠᠯ᠎ᠠ ᠠᠴᠠ ᠨᠡᠭᠡᠭᠡᠯᠲᠡ ᠬᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠪᠦᠭᠦ | ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ ᠲᠣᠣᠷ ᠰᠦᠯᠵᠢᠶ᠎ᠡ ᠶᠢ | ᠥᠷᠭᠡᠳᠬᠡᠵᠦ᠂ ᠳᠤᠮᠳᠠᠳᠤ ᠤᠯᠤᠰ ᠤᠨ ᠨᠡᠭᠡᠭᠡᠯᠲᠡ ᠬᠢᠬᠦ ᠲᠣᠮᠣ ᠡᠭᠦᠳᠡ ᠶᠢ ᠶᠠᠪᠤᠬᠤ ᠲᠤᠲᠤᠮ ᠶᠡᠭᠡ ᠨᠡᠭᠡᠭᠡᠨ᠎ᠡ᠃ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕ | ᠳᠤᠮᠳᠠᠳᠤ ᠤᠯᠤᠰ ᠤᠨ ᠡᠷᠲᠡᠨ ᠤ ᠦᠭᠡᠨ ᠳᠤ᠄ ︽ᠵᠢᠮᠢᠰ ᠢ ᠢᠨᠦ ᠢᠳᠡᠬᠦᠢ ᠳᠤᠷ ᠮᠣᠳᠣ ᠶᠢ ᠠᠨᠤ ᠰᠠᠨᠠᠭᠠᠯᠵᠠᠮᠤᠢ᠂ | ᠤᠰᠤ ᠶᠢ ᠠᠨᠤ ᠤᠤᠭᠤᠬᠤᠢ ᠳᠤᠷ ᠡᠬᠢ ᠶᠢ ᠢᠨᠦ ᠳᠤᠷᠠᠰᠤᠮᠤᠢ︾ ᠭᠡᠵᠦ ᠰᠡᠴᠡᠯᠡᠭᠰᠡᠨ ᠪᠠᠶᠢᠳᠠᠭ᠃ ᠳᠤᠮᠳᠠᠳᠤ ᠤᠯᠤᠰ ᠤᠨ | ᠬᠥᠭᠵᠢᠯᠲᠡ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠠᠴᠠ ᠰᠠᠯᠵᠤ ᠴᠢᠳᠠᠬᠤ ᠦᠭᠡᠢ᠂ ᠮᠥᠨ ᠴᠦ ᠠᠽᠢᠶ᠎ᠠ ᠲᠢᠪ | ᠨᠣᠮᠣᠬᠠᠨ ᠳᠠᠯᠠᠢ ᠶᠢᠨ ᠣᠷᠣᠨ ᠳᠤ ᠤᠯᠠᠮ ᠨᠢᠭᠡ ᠠᠯᠬᠤᠮ ᠪᠤᠶᠠᠨ ᠦᠢᠯᠡᠳᠬᠦ ᠪᠣᠯᠣᠨ᠎ᠠ᠃ ᠯᠠᠲ᠋ᠢᠨ ᠠᠮᠧᠷᠢᠺᠠ ᠳᠤ ︽ | ᠣᠩᠭᠤᠴᠠᠨ ᠤ ᠬᠦᠴᠦᠨ ᠳᠠᠷᠪᠠᠭᠤᠯ ᠳᠤ ᠪᠤᠢ᠂ ᠬᠥᠮᠥᠨ ᠤ ᠬᠦᠴᠦᠨ ᠰᠡᠳᠬᠢᠯ ᠳᠤ ᠪᠤᠢ︾ ᠭᠡᠬᠦ ᠵᠦᠢᠷ ᠰᠡᠴᠡᠨ ᠦᠭᠡ | ᠪᠠᠶᠢᠳᠠᠭ᠃ ᠣᠳᠣᠬᠠᠨ ᠳᠤ ︽ᠴᠢᠶᠠᠨᠺᠠᠢ ᠠᠴᠠ ᠱᠠᠩᠬᠠᠢ ᠬᠦᠷᠬᠦ︾ ᠨᠢ ᠨᠢᠭᠡᠨᠲᠡ ᠫᠧᠷᠦ᠋ ᠶᠢᠨ ᠳᠡᠯᠭᠡᠷᠡᠮᠡᠯ ᠦᠭᠡ ᠪᠣᠯᠵᠤ᠂ | ︽ᠳᠤᠮᠳᠠᠳᠤ ᠤᠯᠤᠰ ᠤᠨ ᠣᠩᠭᠤᠴᠠ︾ ᠶᠢᠨ ᠲᠤᠬᠠᠢ 500 ᠵᠢᠯ ᠢ ᠠᠯᠤᠰᠯᠠᠭᠰᠠᠨ ᠴᠤᠤᠷᠢᠶ᠎ᠠ ᠪᠣᠯᠵᠤ ᠬᠠᠩᠭᠢᠨᠠᠭᠰᠠᠨ | ᠪᠠᠶᠢᠨ᠎ᠠ᠃ ᠡᠨᠡ ᠨᠢ ᠪᠢᠳᠡ ᠨᠡᠭᠡᠭᠡᠯᠲᠡ ᠬᠢᠵᠦ ᠬᠤᠯᠪᠣᠯᠳᠤᠨ ᠨᠡᠪᠲᠡᠷᠡᠯᠴᠡᠬᠦ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠳᠡᠭ ᠯᠡ | ᠶᠤᠮ ᠪᠣᠯ ᠨᠣᠮᠣᠬᠠᠨ ᠲᠡᠯᠡᠶ ᠳᠠᠷᠤᠢ ᠴᠡᠴᠡᠭᠯᠡᠯ ᠬᠥᠭᠵᠢᠯ ᠢ ᠠᠬᠢᠭᠤᠯᠬᠤ ᠵᠠᠮ ᠪᠣᠯᠵᠤ ᠬᠤᠪᠢᠷᠠᠨ᠎ᠠ ᠭᠡᠳᠡᠭ ᠢ ᠭᠦᠨᠵᠡᠭᠡᠢ | ᠬᠠᠷᠠᠭᠤᠯᠵᠤ ᠪᠠᠶᠢᠨ᠎ᠠ᠃ ᠪᠢᠳᠡ ᠪᠦᠯᠬᠦᠮᠳᠡᠨ ᠬᠠᠮᠲᠤᠷᠠᠯᠴᠠᠬᠤ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠬᠠᠮᠲᠤ ᠪᠠᠷ ᠤᠭᠲᠤᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠬᠠᠮᠲᠤ ᠪᠠᠷ ᠪᠠᠶᠢᠭᠤᠯᠵᠤ᠂ ᠳᠡᠯᠡᠬᠡᠢ ᠶᠢᠨ ᠬᠠᠮᠲᠤ ᠶᠢᠨ ᠴᠡᠴᠡᠭᠯᠡᠯ ᠬᠥᠭᠵᠢᠯ ᠢ ᠠᠬᠢᠭᠤᠯᠬᠤ᠂ ᠬᠥᠮᠥᠨ ᠲᠥᠷᠥᠯᠬᠢᠲᠡᠨ ᠤ | ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠬᠤ ᠳᠤ ᠨᠡᠩ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠤᠶ᠎ᠠ᠃ | ᠣᠯᠠᠨ ᠳᠤ ᠪᠠᠶᠠᠷᠯᠠᠯ᠎ᠠ᠃ | ︵ᠰᠢᠨᠬᠤᠸᠠ ᠬᠤᠷᠢᠶ᠎ᠠ ᠶᠢᠨ ᠯᠢᠮᠠ ᠶᠢᠨ 11 ᠰᠠᠷ᠎ᠠ ᠶᠢᠨ 15 ᠤ ᠴᠠᠭᠢᠯᠭᠠᠨ ᠮᠡᠳᠡᠭᠡ︶ | | |