ᠵᠠᠯᠠᠶᠢᠳ ᠬᠤᠰᠢᠭᠤᠨ ᠤ ᠪᠠᠶᠠᠨᠭᠤᠤᠯ ᠪᠠᠯᠭᠠᠰᠤᠨ ᠤ ︽ᠳᠥᠷᠪᠡᠨ ᠰᠠᠯᠪᠤᠷᠢ ᠨᠢᠭᠡ ᠲᠢᠩᠬᠢᠮ︾ ᠬᠤᠯᠪᠤᠭᠠᠯᠠᠨ ᠬᠦᠳᠡᠯᠦᠯᠴᠡᠵᠦ ᠵᠦᠷᠢᠴᠡᠯ ᠵᠢᠭᠤᠷᠠᠯᠳᠤᠭᠠᠨ ᠢ ᠰᠠᠶᠢᠳᠤᠷ ᠰᠶᠢᠳᠪᠦᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/11/19
     ᠣᠶᠢᠷ᠎ᠠ ᠳᠤ᠂ ᠵᠠᠯᠠᠶᠢᠳ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠪᠠᠶᠠᠨᠭᠤᠤᠯ ᠬᠠᠤᠯᠢ ᠴᠠᠭᠠᠵᠠ ᠶᠢᠨ ᠭᠠᠵᠠᠷ ᠨᠢ ᠪᠠᠯᠭᠠᠰᠤᠨ ᠤ ᠠᠮᠤᠷ ᠲᠦᠪᠰᠢᠨ ᠤ ᠠᠵᠢᠯ ᠤᠨ ᠠᠯᠪᠠᠨ ᠬᠡᠷ᠂ ᠪᠠᠶᠠᠨᠭᠤᠤᠯ  ᠲᠤᠳᠤᠭᠠᠳᠤ ᠶᠢ ᠬᠠᠮᠠᠭᠠᠯᠠᠬᠤ ᠰᠠᠯᠪᠤᠷᠢ ᠵᠡᠷᠭᠡ ︽ᠳᠥᠷᠪᠡᠨ ᠰᠠᠯᠪᠤᠷᠢ ᠨᠢᠭᠡ ᠲᠢᠩᠬᠢᠮ︾ ᠤᠨ ᠬᠤᠯᠪᠤᠭᠠᠯᠠᠨ ᠬᠦᠳᠡᠯᠦᠯᠴᠡᠬᠦ ᠨᠢᠭᠡᠴᠢ ᠶᠢ ᠵᠣᠬᠢᠶᠠᠨ ᠪᠠᠶᠢᠭᠤᠯᠵᠤ᠂ ᠴᠠᠩ ᠱᠧᠩ ᠳᠤᠰᠬᠤᠨ ᠳᠤ ᠡᠬᠦᠰᠦᠭᠰᠡᠨ ᠳᠠᠷᠢᠶᠠᠨ ᠤ ᠵᠢᠭᠤᠷᠠᠯᠳᠤᠭᠠᠨ ᠢ ᠠᠮᠵᠢᠯᠲᠠ ᠲᠠᠢ ᠰᠶᠢᠳᠪᠦᠷᠢᠯᠡᠪᠡ᠃     ᠣᠶᠢᠯᠠᠭᠠᠭᠰᠠᠨ ᠢᠶᠠᠷ᠂ 11 ᠰᠠᠷ᠎ᠠ ᠶᠢᠨ 7 ᠤ ᠡᠳᠦᠷ᠂ ᠵᠠᠯᠠᠶᠢᠳ ᠬᠤᠰᠢᠭᠤᠨ ᠤ ᠪᠠᠶᠠᠨᠭᠤᠤᠯ ᠪᠠᠯᠭᠠᠰᠤᠨ ᠤ ᠴᠠᠩ ᠱᠧᠩ ᠳᠤᠰᠬᠤᠨ ᠤ ᠠᠮᠤᠷ ᠢ ᠬᠠᠮᠠᠭᠠᠯᠠᠬᠤ ᠡᠷᠬᠢᠯᠡᠭᠴᠢ ᠳᠤᠰᠬᠤᠨ ᠤ ᠲᠠᠷᠢᠶᠠᠴᠢᠨ ᠤ ᠳᠠᠷᠢᠶᠠᠨ ᠤ ᠠᠰᠠᠭᠤᠳᠠᠯ ᠠᠴᠠ ᠪᠣᠯᠵᠣ ᠵᠥᠷᠢᠴᠡᠯ ᠵᠢᠭᠤᠷᠠᠯᠳᠤᠭᠠᠨ ᠡᠭᠦᠰᠦᠭᠰᠡᠨ ᠪᠠᠶᠢᠳᠡᠯ ᠢ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠲᠤ ᠮᠡᠳᠡᠭᠳᠡᠵᠦ ᠬᠠᠪᠰᠤᠷᠤᠮᠵᠢ ᠭᠤᠶᠤᠴᠢᠯᠠᠵᠠᠢ᠃     ︽ᠳᠥᠷᠪᠡᠨ ᠰᠠᠯᠪᠤᠷᠢ ᠨᠢᠭᠡ ᠲᠢᠩᠬᠢᠮ︾ ᠤᠨ ᠬᠤᠯᠪᠤᠭᠠᠯᠠᠨ ᠬᠦᠳᠡᠯᠦᠯᠴᠡᠬᠦ ᠨᠢᠭᠡᠴᠢ ᠶᠢᠨ ᠡᠶᠡᠳᠡᠭᠦᠯᠬᠦ ᠳᠤᠭᠤᠶᠢᠯᠠᠩ ᠤᠨ ᠬᠢᠨ ᠭᠤᠶᠤᠴᠢᠯᠠᠯ ᠤᠨ ᠤᠳᠠᠰᠦ ᠶᠢ ᠳᠤᠰᠤᠮᠠᠬᠴᠠ ᠴᠠᠩ ᠱᠧᠩ ᠳᠤᠰᠬᠤᠨ ᠳᠤ ᠬᠦᠷᠴᠦ᠂ ᠵᠥᠷᠢᠴᠡᠯ ᠵᠢᠭᠤᠷᠠᠯᠳᠤᠭᠠᠨ ᠡᠬᠦᠰᠦᠭᠰᠡᠨ ᠬᠤᠶᠠᠷ ᠳᠠᠯ᠎ᠠ ᠲᠠᠢ ᠲᠤᠰ ᠲᠤᠰ ᠶᠠᠷᠢᠯᠴᠠᠨ ᠪᠣᠳᠠᠲᠠᠶ ᠪᠠᠶᠢᠳᠠᠯ ᠢ ᠣᠶᠢᠯᠠᠭᠠᠬᠤ ᠶᠢᠨ ᠲᠠᠭᠠᠤ ᠳᠤᠰᠬᠤᠨ ᠤ ᠠᠷᠠᠳ ᠤᠨ ᠭᠡᠷᠡᠴᠢᠯᠡᠯ ᠳᠤᠤᠷ᠎ᠠ ᠬᠤᠶᠠᠷ ᠳᠠᠯ᠎ᠠ ᠶᠢᠨ ᠲᠠᠷᠢᠶ᠎ᠠ ᠶᠢ ᠳᠠᠬᠢᠨ ᠬᠡᠮᠵᠢᠵᠦ᠂ ᠵᠠᠭᠠᠬ ᠱᠤᠭᠤᠮ ᠪᠠ ᠮᠤ᠋ ᠶᠢᠨ ᠳᠤᠭ᠎ᠠ ᠶᠢ ᠨᠢ ᠳᠤᠳᠤᠷᠬᠠᠶᠢᠯᠠᠵᠦ ᠦᠭᠬᠦᠭᠰᠡᠨ ᠪᠠᠶᠢᠨ᠎ᠠ᠃ ᠪᠤᠳᠠᠳᠦ ᠭᠡᠷᠡᠴᠢᠯᠡᠯ ᠵᠢᠴᠢ ᠡᠶᠡᠳᠡᠭᠦᠯᠦᠭᠴᠢ ᠶᠢᠨ ᠬᠦᠯᠢᠴᠡᠩᠭᠦᠶ ᠡᠶᠡᠳᠡᠬᠦᠯᠭᠡ ᠲᠤᠤᠷ᠎ᠠ ᠵᠦᠷᠢᠴᠡᠯ ᠡᠬᠦᠰᠦᠭᠰᠡᠨ ᠬᠤᠶᠠᠷ ᠳᠠᠯ᠎ᠠ ᠪᠠᠷ ᠢᠶᠠᠨ ᠭᠠᠷ ᠠᠳᠬᠤᠨ ᠡᠶᠡᠳᠡᠯᠴᠡᠭᠰᠡᠨ ᠪᠠᠶᠢᠯ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号