ᠵᠠᠯᠠᠶᠢᠳ ᠬᠤᠰᠢᠭᠤ ︽ᠤᠯᠠᠭᠠᠨ ᠬᠠᠨᠵᠢᠶᠠᠷᠳᠤ︾ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠵᠦ ᠤᠯᠠᠨ ᠲᠦᠮᠡᠨ ᠤ ᠡᠪᠡᠳᠴᠢᠨ ᠦᠵᠡᠬᠦᠯᠬᠦ ᠳᠤ ᠲᠤᠰᠠᠯᠠᠮᠵᠢ ᠦᠵᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2024/11/19
      ᠤᠶᠢᠷ᠎ᠠ ᠶᠢᠨ ᠬᠡᠳᠦᠨ ᠵᠢᠯ᠂ ᠵᠠᠯᠠᠶᠢᠳ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠡᠮᠴᠢᠯᠡᠬᠡᠨ ᠤ ᠲᠠᠯ᠎ᠠ ᠪᠠᠷ ᠬᠢ ᠦᠢᠯᠡᠴᠢᠯᠡᠬᠡᠨ ᠢᠶᠠᠨ ᠴᠢᠷᠮᠠᠶᠢᠨ ᠲᠡᠭᠡᠭᠰᠢᠯᠡᠬᠦᠯᠵᠦ᠂ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠬᠤᠷᠢᠶ᠎ᠠ ᠶᠢᠨ ᠡᠮᠨᠡᠯᠬᠡ ᠶᠢᠨ ᠬᠤᠷᠢᠶ᠎ᠠ ᠰᠠᠶᠢᠨ ᠲᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠦᠷᠨᠢᠬᠦᠯᠵᠦ ᠡᠪᠡᠳᠴᠢᠳᠡᠨ ᠳᠤ ᠬᠠᠯᠠᠭᠤᠨ ᠢᠶᠠᠷ ᠦᠢᠯᠡᠴᠢᠯᠡᠵᠦ ᠪᠠᠶᠢᠨ᠎ᠠ᠃      ᠵᠠᠯᠠᠶᠢᠳ ᠬᠤᠰᠢᠭᠤᠨ ᠤ ᠡᠯ᠎ᠡ ᠡᠮᠨᠡᠯᠬᠡ ᠶᠢᠨ ᠬᠤᠷᠢᠶᠠᠨ ᠤ ᠡᠬᠦᠳᠡᠨ ᠡᠮᠨᠡᠯᠬᠡ ᠶᠢᠨ ᠶᠡᠭᠡ ᠲᠠᠩᠬᠢᠮ ᠳᠤ ︽ᠤᠯᠠᠭᠠᠨ ᠬᠠᠨᠵᠢᠶᠠᠷᠳᠤ︾ ᠰᠠᠶᠢᠨ ᠲᠤᠷ᠎ᠠ ᠶᠢᠨ ᠦᠢᠯᠡᠴᠢᠯᠡᠬᠡᠨ ᠤ ᠠᠵᠢᠯᠳᠠᠨ ᠡᠮᠴᠢᠯᠡᠬᠦᠯᠬᠦ ᠪᠠᠷ ᠢᠷᠡᠭᠰᠡᠨ ᠡᠪᠡᠳᠴᠢᠳᠡᠨ ᠳᠤ ᠳ᠋ᠤᠭᠠᠷᠯᠠᠬᠤ᠂ ᠲᠠᠩᠰᠠ ᠲᠠᠶᠢᠯᠠᠬᠤ᠂ ᠮᠠᠳᠠᠭ ᠲᠠᠢ ᠠᠰᠠᠭᠤᠳᠠᠯ ᠢ ᠲᠠᠶᠢᠯᠪᠦᠷᠢᠯᠠᠬᠤ ᠵᠡᠷᠭᠡ ᠰᠠᠶᠢᠨ ᠲᠤᠷ᠎ᠠ ᠶᠢᠨ ᠦᠢᠯᠡᠴᠢᠯᠡᠭᠡ ᠬᠠᠨᠭ᠍ᠭᠠᠵᠦ᠂  ᠡᠪᠡᠳᠴᠢᠳᠡᠨ  ᠳᠤ ᠲᠤᠩ ᠲᠦᠬᠦᠮ ᠦᠵᠡᠬᠦᠯᠵᠦ ᠪᠠᠶᠢᠯ᠎ᠠ᠃      ᠵᠠᠯᠠᠶᠢᠳ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶᠠᠨ ᠤ ᠭᠠᠳᠠᠷ ᠰᠠᠯᠠᠭᠠᠨ ᠤ ᠰᠤᠪᠢᠯᠠᠬᠴᠢ ᠶᠢᠨ ᠲᠠᠷᠤᠭ᠎ᠠ ᠸᠠᠩ ᠵᠢᠩ ᠯᠢ᠄ ︽ᠬᠦᠳᠡᠯᠵᠦ ᠪᠠᠷᠢᠬᠤ ᠳᠠᠭᠠᠨ ᠲᠦᠬᠦᠮ ᠦᠬᠡᠢ ᠪᠤᠶᠤ ᠭᠠᠭᠴᠠᠭᠠᠷ ᠮᠠᠨ ᠤ ᠡᠮᠨᠡᠯᠬᠡ ᠶᠢᠨ ᠬᠤᠷᠢᠶᠠᠨ ᠳᠤ ᠡᠮᠴᠢᠯᠡᠬᠦᠯᠬᠦ ᠪᠠᠷ ᠢᠷᠡᠭᠰᠡᠨ ᠨᠠᠰᠤᠳᠠᠶᠢᠴᠤᠳ ᠲᠤ ᠪᠢᠳᠡ ᠰᠠᠶᠢᠨ ᠲᠤᠷ᠎ᠠ ᠶᠢᠨ ᠦᠢᠯᠡᠴᠢᠯᠡᠭᠡ ᠬᠠᠩᠭᠠᠵᠦ ᠪᠤᠢ︾ ᠬᠡᠵᠦ ᠶᠠᠷᠢᠵᠦ ᠪᠠᠶᠢᠯ᠎ᠠ᠃      ᠵᠠᠯᠠᠶᠢᠳ ᠬᠤᠰᠢᠭᠤᠨ ᠤ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶᠠᠨ ᠤ ᠢᠨᠲ᠋ᠧᠷ ᠰᠦᠯᠵᠢᠶᠡᠨ ᠳᠠᠬᠢ ᠬᠤᠶᠠᠷ ᠡᠮᠨᠡᠯᠬᠡ ᠶᠢᠨ ᠬᠤᠷᠢᠶ᠎ᠠ ᠪᠠᠰᠠ ᠡᠪᠡᠳᠴᠢᠳᠡᠨ ᠤ ᠬᠡᠷ ᠲᠤᠨᠢ ᠬᠦᠷᠴᠦ ᠰᠤᠪᠢᠯᠠᠬᠤ ᠦᠢᠯᠡᠴᠢᠯᠡᠭᠡ ᠬᠠᠩᠭᠠᠵᠦ᠂  ᠡᠪᠡᠳᠴᠢᠳᠡᠨ  ︽ᠵᠠᠯᠠᠶᠢᠳ ᠬᠤᠰᠢᠭᠤᠨ ᠤ ᠠᠷᠠᠳ ᠤᠨ ᠡᠮᠨᠡᠯᠬᠡ ᠬᠤᠷᠢᠶ᠎ᠠ︾᠂ ︽ᠮᠤᠩᠭᠤᠯ ᠡᠮᠨᠡᠯᠬᠡ ᠶᠢᠨ ᠶᠡᠷᠦᠩᠭᠡᠶᠢᠯᠡᠭᠰᠡᠨ ᠡᠮᠨᠡᠯᠬᠡ ᠶᠢᠨ ᠬᠤᠷᠢᠶ᠎ᠠ︾ ᠳᠠᠬᠢ ᠳ᠋ᠤᠭᠠᠷᠯᠠᠯ ᠢ ᠰᠦᠯᠵᠢᠶᠡᠨ ᠲᠡᠭᠡᠷ᠎ᠠ ᠬᠦᠢᠴᠡᠳᠭᠡᠨ ᠰᠦᠢᠳᠬᠡᠯ ᠢᠶᠠᠨ ᠲᠤᠰᠢᠶᠠᠬᠰᠠᠭᠠᠷ ᠬᠡᠷ ᠲᠡᠭᠡᠨ ᠰᠠᠭᠤᠵᠦ ᠪᠠᠶᠢᠭᠠᠳ ᠰᠤᠪᠢᠯᠠᠯᠳᠠ ᠶᠢᠨ ᠦᠢᠯᠡᠴᠢᠯᠡᠭᠡ ᠬᠦᠷᠳᠡᠵᠦ ᠪᠤᠯᠤᠨ᠎ᠠ᠃      ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠵᠠᠯᠠᠶᠢᠳ ᠬᠤᠰᠢᠭᠤ ︽ᠡᠪᠡᠳᠴᠢᠳᠡᠨ ᠢᠶᠠᠷ ᠭᠤᠤᠯ ᠪᠤᠯᠭᠠᠬᠤ︾ ᠦᠢᠯᠡᠴᠢᠯᠡᠬᠡᠨ ᠤ ᠤᠨᠤᠯᠵᠢᠬᠤᠨ ᠢ ᠢᠮᠠᠬᠳᠠ ᠪᠠᠷᠢᠮᠳᠠᠯᠠᠵᠦ᠂ ᠰᠠᠶᠢᠨ ᠲᠤᠷᠠᠴᠤᠤᠯ ᠢᠶᠠᠨ ᠲᠤᠮᠢᠯᠠᠨ ᠡᠮᠴᠢᠯᠡᠬᠦᠯᠬᠦ ᠪᠠᠷ ᠢᠷᠡᠭᠰᠡᠨ ᠤᠯᠠᠨ ᠲᠦᠮᠡᠨ ᠳᠤ ᠬᠠᠪᠰᠤᠷᠤᠮᠵᠢ ᠦᠵᠡᠭᠦᠯᠦᠭᠰᠡᠨ ᠠᠴᠠ  ᠡᠪᠡᠳᠴᠢᠳᠡᠨ ᠤ ᠤᠯᠠᠨ ᠵᠦᠢᠯ ᠤᠨ ᠬᠦᠴᠢᠷᠳᠡᠯ ᠢ ᠰᠶᠢᠳᠪᠦᠷᠢᠯᠡᠭᠰᠡᠨ ᠢᠶᠠᠷ ᠪᠠᠷᠠᠬᠤ ᠦᠬᠡᠢ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶᠠᠨ ᠤ ᠦᠢᠯᠡᠴᠢᠯᠡᠬᠡᠨ ᠤ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠦ᠂ ᠡᠪᠡᠳᠴᠢᠳᠡᠨ  ᠳᠤ  ᠦᠨᠡᠨ ᠬᠦ ᠠᠰᠢᠭ ᠬᠦᠷᠳᠡᠭᠡᠵᠦ ᠪᠠᠶᠢᠨ᠎ᠠ᠃      ᠵᠠᠯᠠᠶᠢᠳ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠤᠨ ᠨᠠᠮ ᠤᠨ ᠲᠤᠭᠤᠶᠢᠯᠠᠩ ᠤᠨ ᠬᠡᠰᠢᠬᠦᠨ ᠯᠢ ᠢᠤᠢ ᠴᠠᠩ᠄ ︽ᠡᠬᠦᠨ ᠠᠴᠠ ᠬᠤᠶᠢᠰᠢᠳᠠ ᠪᠢᠳᠡ ᠡᠪᠡᠳᠴᠢᠳᠡᠨ ᠳᠤ ᠰᠢᠰᠲ᠋ᠧᠮᠴᠢᠯᠡᠭᠰᠡᠨᠨ᠂ ᠲᠦᠷᠢᠮᠵᠢᠭᠰᠡᠨ᠂ ᠲᠤᠰᠬᠠᠶᠢᠵᠢᠬᠰᠠᠨ ᠰᠠᠶᠢᠨ ᠲᠤᠷ᠎ᠠ ᠶᠢᠨ ᠦᠢᠯᠡᠴᠢᠯᠡᠭᠡ ᠬᠠᠩᠭᠠᠵᠦ᠂ ᠡᠮᠨᠡᠯᠬᠡ ᠶᠢᠨ ᠬᠤᠷᠢᠶ᠎ᠠ ᠪᠤᠳᠠᠳᠠᠢ ᠪᠠᠶᠢᠳᠠᠯ ᠢᠶᠠᠨ ᠦᠨᠳᠦᠰᠦᠯᠡᠨ ᠤᠯᠠᠨ ᠲᠦᠮᠡᠨ ᠤ ᠡᠪᠡᠳᠴᠢᠨ ᠦᠵᠡᠬᠦᠯᠬᠦ ᠳᠤ ᠬᠦᠴᠢᠷᠳᠡᠢ ᠠᠰᠠᠭᠤᠳᠠᠯ ᠢ ᠰᠶᠢᠳᠪᠦᠷᠢᠯᠡᠵᠦ᠂ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠤᠨ ᠦᠢᠯᠡᠴᠢᠯᠡᠬᠡᠨ ᠤ ᠨᠡᠷᠡᠳᠤ ᠲᠡᠮᠳᠡᠭ ᠢ ᠡᠭᠦᠳᠴᠦ᠂ ᠦᠢᠯᠡᠴᠢᠯᠡᠬᠡᠨ ᠤ ᠴᠢᠳᠠᠪᠦᠷᠢ ᠪᠠᠨ ᠲᠠᠰᠦᠷᠠᠯᠳᠠ ᠦᠬᠡᠢ ᠲᠡᠭᠡᠭᠰᠢᠯᠡᠬᠦᠯᠤᠨ᠂ ᠦᠢᠯᠡᠴᠢᠯᠡᠬᠡᠨ ᠤ ᠴᠢᠨᠠᠷ ᠴᠢᠨᠰᠠᠭ᠎ᠠ ᠪᠠᠨ ᠰᠠᠶᠢᠵᠢᠷᠠᠭᠤᠯᠵᠦ᠂ ︿ᠪᠢ ᠤᠯᠠᠨ ᠲᠦᠮᠡᠨ ᠳᠤ ᠪᠤᠳᠠᠳᠤ ᠶᠠᠪᠤᠳᠠᠯ ᠬᠢᠵᠦ ᠦᠭᠬᠦ﹀ ᠶᠢ  ᠦᠨᠡᠨ ᠬᠦ ᠪᠤᠳᠠᠳᠠᠢ ᠳᠤ ᠦᠢᠯᠡᠳᠦᠯᠭᠡᠵᠢᠭᠦᠯᠦᠨ᠎ᠠ︾ ᠬᠡᠵᠦ ᠰᠤᠷᠪᠤᠯᠵᠢᠯᠠᠬᠴᠢ ᠳᠤ ᠶᠠᠷᠢᠵᠦ ᠪᠠᠶᠢᠯ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号