| ᠬᠠᠰᠢᠯᠭ᠎ᠠ ᠪᠠᠷᠢᠵᠤ ᠰᠤᠪᠠᠭ ᠢ ᠨᠡᠪᠲᠡᠷᠡᠭᠦᠯᠤᠨ ᠰᠠᠶᠢᠨ ᠲᠠᠷᠢᠶ᠎ᠠ ᠶᠢ ᠤᠰᠤᠯᠠᠵᠦ᠂ ᠠᠷᠠᠳ ᠤᠨ ᠠᠮᠢᠳᠤᠷᠠᠯ ᠢ | ᠰᠠᠶᠢᠵᠢᠷᠠᠭᠤᠯᠤᠨ᠎ᠠ᠃ ᠬᠢᠩᠭᠠᠨ ᠠᠶᠢᠮᠠᠭ ᠤᠨ ᠬᠢᠯᠢ ᠳᠤ ᠪᠠᠶᠢᠭ᠎ᠠ ᠴᠤᠤᠯ ᠤᠰᠤᠨ ᠠᠰᠢᠭᠯᠠᠯᠳᠠ ᠶᠢᠨ ᠬᠦᠢᠰᠦ | ᠪᠠᠷᠢᠯᠭ᠎ᠠ ᠶᠢ ᠦᠨᠳᠦᠷ ᠤᠭᠳᠠᠷᠭᠤᠢ ᠠᠴᠠ ᠦᠩᠭᠡᠶᠢᠪᠡᠯ ᠶᠠᠭ ᠯᠡ ᠰᠦᠷᠯᠢᠭ ᠠᠭᠤᠯᠠᠰ ᠤᠨ ᠲᠤᠮᠳᠠᠬᠢ ᠭᠡᠷᠡᠯᠳᠦ | ᠰᠤᠪᠤᠳ ᠮᠡᠳᠦ ᠬᠠᠷᠠᠬᠳᠠᠵᠦ᠂ ᠦᠵᠡᠰᠬᠦᠯᠡᠩᠳᠦ ᠰᠠᠶᠢᠬᠠᠨ ᠬᠢᠩᠭᠠᠨ ᠨᠤᠳᠤᠭ ᠢ ᠴᠢᠮᠡᠨ᠎ᠡ᠃ | ᠴᠤᠤᠯ ᠭᠤᠣᠯ ᠤᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠨᠢ ᠨᠤᠨᠮᠦ᠋ᠷᠡᠨ ᠤ ᠰᠠᠯᠪᠤᠷᠢ ᠤᠷᠤᠰᠬᠠᠯ | ᠪᠤᠯᠬᠤ ᠴᠤᠤᠯ ᠭᠤᠤᠯ ᠲᠡᠭᠡᠷᠡᠬᠢ ᠦᠶᠡᠷ ᠢ ᠰᠡᠷᠭᠡᠶᠢᠯᠡᠬᠦ᠂ ᠤᠰᠤᠯᠠᠯᠳᠠ ᠬᠢᠬᠦ᠂ ᠴᠠᠬᠢᠯᠭᠠᠨ ᠭᠠᠷᠭᠠᠬᠤ ᠵᠡᠷᠭᠡ ᠶᠢ | ᠨᠢᠭᠡ ᠴᠤᠬᠴᠠᠵᠢᠭᠤᠯᠤᠬᠰᠠᠨ ᠤᠰᠤᠨ ᠠᠰᠢᠭᠯᠠᠯᠳᠠ ᠶᠢᠨ ᠴᠤᠷ ᠤᠨ ᠭᠠᠭᠴᠠ ᠬᠦᠢᠰᠦ ᠪᠠᠷᠢᠯᠭ᠎ᠠ ᠪᠤᠯᠤᠨ᠎ᠠ᠃ | ᠶᠡᠷᠦᠩᠬᠡᠶ ᠪᠠᠭᠲᠠᠭᠠᠮᠵᠢ ᠨᠢ 2.6 ᠳ᠋ᠦᠩᠰᠢᠭᠤᠷ ᠪᠣᠰᠤᠭ᠎ᠠ ᠲᠡᠭᠰᠢ ᠳᠥᠷᠪᠡᠯᠵᠢᠨ ᠮᠧᠲᠷ ᠲᠤ ᠬᠦᠷᠴᠦ᠂ ᠵᠠᠯᠠᠶᠢᠳ | ᠬᠤᠰᠢᠭᠤᠨ ᠤ 63.52 ᠲᠦᠮᠡᠨ ᠮᠥ ᠲᠠᠷᠢᠶ᠎ᠠ ᠶᠢ ᠤᠰᠤᠯᠠᠵᠦ ᠪᠤᠢ︔ ᠰᠢᠪᠠᠭᠤᠳ ᠤᠨ ︽ᠵᠢᠷᠭᠠᠯᠠᠩᠳᠦ ᠤᠷᠤᠨ︾ | ᠪᠤᠯᠬᠤ ᠲᠡᠮᠡᠭᠡᠴᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠳᠤ ᠵᠢᠯ ᠪᠦᠷᠢ 0.24 | ᠳ᠋ᠦᠩᠰᠢᠭᠤᠷ ᠪᠣᠰᠤᠭ᠎ᠠ ᠲᠡᠭᠰᠢ ᠳᠥᠷᠪᠡᠯᠵᠢᠨ ᠮᠧᠲᠷ ᠤᠰᠤ ᠨᠥᠬᠦᠪᠥᠷᠢᠯᠡᠵᠦ ᠪᠠᠶᠢᠨ᠎ᠠ︔ ᠵᠢᠯ ᠪᠦ᠋ᠷᠢ ᠳᠤᠮᠳᠠᠴᠢ ᠪᠠᠷ | ᠪᠠᠷᠤᠭ 2800 ᠲᠦᠮᠡᠨ ᠺᠢᠯᠣᠸᠠᠲ ᠴᠠᠭ ᠴᠠᠬᠢᠯᠭᠠᠨ ᠭᠠᠷᠭᠠᠵᠦ᠂ ᠬᠤᠶᠠᠷ ᠡᠷᠬᠢ ᠪᠤᠯᠤᠨ ᠲᠤᠬᠠᠢ ᠶᠢᠨ ᠭᠠᠵᠠᠷ | ᠤᠷᠤᠨ ᠤ ᠠᠵᠦ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠦᠢᠯᠡᠳᠦᠯ ᠦᠵᠡᠬᠦᠯᠵᠦ ᠪᠠᠶᠢᠨ᠎ᠠ᠃ | ︽ᠡᠨᠡ ᠵᠢᠯ ᠪᠠᠰᠠ ᠡᠯᠪᠡᠭ ᠬᠤᠷᠢᠶᠠᠯᠳᠠ ᠤᠯᠵᠠᠢ᠂ ᠡᠨᠡ ᠨᠢ ᠴᠤᠤᠯ ᠤᠰᠤᠨ ᠠᠰᠢᠭᠯᠠᠯᠳᠠ ᠶᠢᠨ ᠬᠦᠢᠰᠦ | ᠪᠠᠷᠢᠯᠭ᠎ᠠ ᠶᠢᠨ ᠰᠠᠶᠢᠨ ᠰᠢᠦ᠃ ᠬᠠᠪᠤᠷ ᠴᠠᠭ ᠲᠤᠬᠠᠢ ᠳᠤᠨᠢ ᠤᠰᠤ ᠬᠠᠩᠭᠠᠵᠦ᠂ ᠭᠤᠤᠯ ᠠᠴᠠ ᠤᠰᠤ ᠲᠠᠳᠠᠵᠦ | ᠪᠠᠶᠢᠬᠰᠠᠨ ᠬᠦᠴᠢᠷ ᠢ ᠰᠶᠢᠳᠪᠦᠷᠢᠯᠡᠵᠠᠢ︾ ᠭᠡᠵᠦ ᠵᠠᠯᠠᠶᠢᠳ ᠬᠤᠰᠢᠭᠤᠨ ᠤ ᠶᠢᠨ ᠵᠤ᠋ ᠤᠰᠤᠨ ᠲᠤᠳᠤᠷᠭ᠎ᠠ ᠶᠢᠨ | ᠲᠤᠰᠬᠠᠢ ᠬᠤᠷᠰᠢᠶ᠎ᠠ ᠶᠢᠨ ᠭᠡᠰᠢᠬᠦᠨ ᠵᠤᠸᠠᠩ ᠰᠢᠶᠤᠤ ᠹᠸᠢ ᠪᠠᠶᠠᠷᠯᠠᠨ ᠬᠡᠯᠡᠨ᠎ᠠ᠃ ᠡᠨᠡ ᠨᠢ ᠴᠤᠤᠯ ᠤᠰᠤᠨ | ᠠᠰᠢᠭᠯᠠᠯᠳᠠ ᠶᠢᠨ ᠬᠦᠢᠰᠦ ᠪᠠᠷᠢᠯᠭ᠎ᠠ ᠶᠢᠨ ᠵᠠᠯᠠᠶᠢᠳ ᠬᠤᠰᠢᠭᠤᠨ ᠳᠤ ᠦᠵᠡᠭᠦᠯᠦᠭᠰᠡᠨ ᠭᠠᠪᠢᠶ᠎ᠠ ᠵᠢᠳᠭᠦᠯ ᠤᠨ | ᠬᠤᠷᠢᠶᠠᠩᠭᠤᠢ ᠲᠦᠷᠰᠦ ᠪᠤᠯᠬᠤ ᠶᠤᠮ᠃ | ᠴᠤᠤᠯ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠠᠰᠢᠬᠯᠠᠯᠳᠠ ᠳᠤ ᠤᠷᠤᠬᠰᠡᠨ ᠠᠴᠠ ᠨᠠᠭᠠᠰᠢ᠂ | ᠵᠠᠯᠠᠶᠢᠳ ᠬᠤᠰᠢᠭᠤᠨ ᠤ ᠤᠰᠤᠨ ᠲᠤᠳᠤᠷᠭᠠᠨ ᠲᠠᠷᠢᠶᠠᠨ ᠤ ᠲᠠᠯᠠᠪᠠᠢ ᠬᠠᠮᠤᠭ ᠠᠩᠬᠠᠨ ᠤ ᠬᠡᠳᠦᠨ ᠲᠦᠮᠡᠨ ᠮᠦ | ᠪᠠᠶᠢᠭᠰᠠᠨ ᠠᠴᠠ ᠪᠠᠨ ᠤᠳᠤ 40 ᠭᠠᠷᠤᠢ ᠲᠦᠮᠡᠨ ᠮᠦ ᠪᠤᠯᠵᠦ ᠨᠡᠮᠡᠭᠳᠡᠨ᠂ ᠦᠩ ᠰᠢᠮᠡᠯᠢᠭ ᠲᠠᠷᠢᠶ᠎ᠠ 7000 | ᠭᠠᠷᠤᠢ ᠮᠦ ᠨᠡᠮᠡᠭᠳᠡᠵᠦ᠂ ᠠᠮᠤ ᠪᠤᠳᠠᠭᠠᠨ ᠤ ᠤᠨᠠᠯᠲᠠ 1300 ᠲᠦᠮᠡᠨ ᠺᠢᠯᠣᠭ᠍ᠷᠠᠮ ᠨᠡᠮᠡᠭᠳᠡᠨ᠂ ᠮᠦ ᠪᠦᠷᠢ ᠶᠢᠨ | ᠤᠷᠤᠯᠭ᠎ᠠ 200 ᠭᠠᠷᠤᠢ ᠲᠦᠭᠦᠷᠢᠭ ᠨᠡᠮᠡᠭᠳᠡᠪᠡ᠃ | ᠵᠢᠯ ᠪᠦᠷᠢ ᠬᠠᠪᠤᠷ ᠲᠠᠷᠢᠶ᠎ᠠ ᠲᠠᠷᠢᠬᠤ ᠪᠠ ᠲᠠᠷᠢᠮᠠᠯ ᠤᠨ ᠤᠷᠭᠤᠯᠳᠠ ᠶᠢᠨ ᠬᠤᠭᠤᠴᠠᠭᠠᠨ ᠳᠠᠬᠢ | ᠤᠰᠤᠯᠠᠯᠳᠠ ᠳᠤ ᠴᠤᠤᠯ ᠤᠰᠤᠨ ᠠᠰᠢᠭᠯᠠᠯᠳᠠ ᠶᠢᠨ ᠬᠦᠢᠰᠦ ᠪᠠᠷᠢᠯᠭ᠎ᠠ ᠶᠢ ᠬᠠᠮᠢᠶᠠᠷᠴᠤ ᠪᠠᠶᠢᠭ᠎ᠠ ᠰᠠᠯᠠᠭ᠎ᠠ | ᠮᠦᠴᠢᠷ ᠤᠨ ᠬᠢᠨ ᠳᠣᠤᠷᠠᠳᠤ ᠤᠷᠤᠰᠬᠠᠯ ᠤᠨ ᠡᠯ᠎ᠡ ᠤᠰᠤᠯᠠᠯᠳᠠ ᠶᠢᠨ ᠤᠷᠤᠨ ᠤ ᠪᠤᠳᠠᠳᠠᠢ ᠤᠰᠤ ᠬᠡᠷᠡᠭᠯᠡᠬᠦ | ᠬᠡᠷᠡᠭᠴᠡᠭᠡ ᠪᠠ ᠲᠠᠷᠢᠶᠠᠴᠢᠳ ᠤᠨ ᠲᠠᠷᠢᠶᠠᠯᠠᠬᠤ ᠴᠠᠭ ᠢ ᠦᠨᠳᠦᠰᠦᠯᠡᠨ ᠲᠥᠯᠥᠪᠯᠡᠭᠡ ᠲᠠᠢ ᠪᠠᠷ ᠤᠰᠤ ᠬᠠᠩᠭᠠᠵᠤ᠂ | ᠲᠠᠷᠢᠶᠠᠴᠢᠳ ᠤᠨ ᠬᠡᠷᠡᠭᠯᠡᠬᠦ ᠤᠰᠤ ᠶᠢ ᠬᠦᠢᠴᠡᠳ ᠪᠠᠳᠤᠯᠠᠵᠦ ᠪᠤᠢ᠃ | ᠠᠯᠳᠠᠨ ᠨᠠᠮᠤᠷ ᠪᠤᠯᠤᠬᠰᠠᠭᠠᠷ ᠲᠡᠮᠡᠭᠡᠴᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ | ᠤᠷᠤᠨ ᠳᠠᠬᠢ ᠨᠡᠬᠦᠳᠡᠯ ᠤᠨ ᠰᠢᠪᠠᠭᠤᠳ ᠨᠠᠭᠤᠷ ᠭᠤᠤᠯ ᠤᠨ ᠲᠡᠭᠡᠬᠦᠷ ᠡᠷᠬᠢᠯᠳᠦᠨ᠂ ᠴᠡᠩᠭᠡᠭ ᠤᠰᠤᠨ ᠳᠤ ᠲᠠᠭᠠᠳᠠᠢ | ᠤᠮᠪᠠᠨ᠎ᠠ᠃ ᠲᠡᠭᠷᠢ ᠬᠦᠢᠳᠡᠷᠡᠬᠦ ᠶᠢ ᠲᠠᠭᠠᠯᠳᠤᠨ ᠰᠢᠪᠧᠷᠢᠶ᠎ᠠ ᠠᠴᠠ ᠨᠢᠰᠴᠦ ᠢᠷᠡᠭᠰᠡᠨ ᠨᠡᠭᠦᠳᠡᠯ ᠤᠨ ᠰᠢᠪᠠᠭᠤᠳ | ᠡ᠊ᠨᠳᠡ ᠬᠡᠰᠡᠭ ᠬᠤᠭᠤᠴᠠᠭ᠎ᠠ ᠠᠮᠠᠷᠠᠭᠠᠳ ᠰᠠᠶ᠋ᠢ ᠡᠮᠦᠨᠡᠳᠦ ᠤᠷᠤᠨ ᠵᠦᠭ ᠨᠡᠭᠦᠳᠡᠯᠯᠡᠳᠡᠭ᠃ ᠲᠡᠮᠡᠭᠡᠴᠢ ᠤᠯᠤᠰ ᠤᠨ | ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠤᠯ ᠲᠡᠯᠡᠬᠡᠢ ᠳᠤ ᠠᠯᠳᠠᠷ ᠲᠠᠢ ᠨᠡᠬᠦᠳᠡᠯ ᠤᠨ ᠰᠢᠪᠠᠭᠤᠳ ᠤᠨ | ᠠᠮᠠᠷᠠᠨ ᠰᠠᠯᠡᠬᠦᠴᠡᠬᠦ ᠦᠷᠳᠡᠭᠡ ᠶᠢᠨ ᠨᠢᠬᠡ ᠪᠤᠯᠤᠨ᠎ᠠ᠃ ᠲᠤᠰ ᠤᠯᠤᠰ ᠤᠨ ᠲᠠᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠳᠤ ᠦᠡᠭᠬᠡᠷᠡᠭᠰᠡᠨ ᠳᠤ ᠬᠡᠳᠤᠶᠢᠪᠡᠷ ᠨᠠᠭᠤᠷ ᠴᠦᠬᠦᠷᠤᠮ ᠱᠠᠩᠳᠤ ᠴᠠᠶᠢᠳᠠᠮ ᠤᠯᠠᠨ | ᠲᠠᠷᠬᠠᠵᠦ ᠪᠠᠶᠢᠭᠰᠠᠨ ᠪᠤᠯᠪᠠᠴᠦ ᠣᠯᠠᠩᠬᠢ ᠨᠢ ᠤᠰᠤ ᠳᠤᠲᠠᠭᠳᠠᠬᠰᠠᠨ ᠠᠴᠠ ᠵᠢᠯ ᠲᠤᠷᠰᠢ ᠭᠠᠩᠳᠠᠵᠦ᠂ ᠨᠡᠭᠦᠳᠡᠯ ᠤᠨ | ᠰᠢᠪᠠᠭᠤᠳ ᠤᠨ ᠬᠡᠪ ᠤᠨ ᠨᠡᠭᠦᠳᠡᠯ ᠪᠠ ᠦᠷᠡᠵᠢᠯᠲᠡ ᠶᠢ ᠬᠦᠨᠳᠦ ᠨᠣᠴᠢᠲᠠᠶ ᠨᠥᠯᠥᠭᠡᠯᠡᠭᠰᠡᠨ ᠪᠠᠶᠢᠪᠠ᠃ | 2015 ᠣᠨ ᠠᠴᠠ ᠡᠬᠢᠯᠡᠨ᠂ ᠴᠤᠤᠯ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠵᠢᠯ ᠪᠦᠷᠢ ᠲᠡᠮᠡᠭᠡᠴᠢ | ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠳᠤ 0.24 ᠳ᠋ᠦᠩᠰᠢᠭᠤᠷ ᠪᠣᠰᠤᠭ᠎ᠠ ᠲᠡᠭᠰᠢ | ᠳᠥᠷᠪᠡᠯᠵᠢᠨ ᠮᠧᠲᠷ ᠤᠰᠤ ᠬᠦᠷᠭᠡᠵᠦ᠂ ᠵᠠᠮ ᠲᠠᠭᠠᠤ ᠶᠢᠨ ᠭᠠᠵᠠᠷ ᠳᠣᠤᠷᠠᠬᠢ ᠤᠰᠤᠨ ᠤ ᠬᠠᠩᠭᠠᠯᠭ᠎ᠠ ᠶᠢ | ᠪᠠᠲᠤᠯᠠᠭᠰᠠᠨ ᠢᠶᠠᠷ ᠪᠠᠷᠠᠬᠤ ᠥᠬᠡᠶ ᠨᠤᠭᠤ ᠭᠠᠵᠠᠷ ᠢ 3 ᠲᠦᠮᠡᠨ ᠮᠤ᠋ ᠨᠡᠮᠡᠭᠳᠡᠬᠦᠯᠵᠡᠢ᠃ ᠤᠳᠤᠬᠠᠨ ᠳᠤ᠂ ᠲᠡᠮᠡᠭᠡᠴᠢ | ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠳᠤ ᠭᠠᠯᠠᠭᠤ᠂ ᠴᠠᠭᠠᠨ ᠲᠣᠭᠤᠷᠤᠤ᠂ ᠠᠯ ᠰᠡᠭᠦᠯ | ᠵᠡᠷᠭᠡ ᠰᠢᠪᠠᠭᠤᠨ ᠤ ᠲᠥᠷᠥᠯ ᠵᠠᠭᠤ ᠭᠠᠷᠤᠶ ᠵᠦᠢᠯ ᠪᠤᠯᠵᠦ᠂ 10 ᠲᠦᠮᠡ ᠭᠠᠷᠤᠶ ᠨᠡᠭᠦᠳᠡᠯ ᠤᠨ ᠰᠢᠪᠠᠭᠤ ᠡ᠊ᠨᠳᠡ | ᠣᠷᠣᠰᠢᠨ ᠠᠮᠢᠳᠤᠷᠠᠵᠤ᠂ ᠨᠡᠬᠦᠳᠡᠯ ᠤᠨ ᠰᠢᠪᠠᠭᠤᠨ ᠤ ᠨᠡᠬᠦᠳᠡᠯᠯᠡᠬᠦ ᠤᠷᠬᠢᠯ ᠤᠨ ᠬᠤᠭᠤᠴᠠᠭᠠᠨ ᠳᠤ 20 ᠭᠠᠷᠤᠢ | ᠲᠦᠮᠡᠨ ᠨᠡᠬᠦᠳᠡᠯ ᠤᠨ ᠰᠢᠪᠠᠭᠤ ᠡ᠊ᠨᠳᠡ ᠬᠤᠷᠠᠨ ᠴᠤᠭᠯᠠᠷᠠᠵᠦ ᠪᠠᠶᠢᠨ᠎ᠠ᠃ | ᠴᠤᠤᠯ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠠᠮᠢ ᠠᠬᠤᠢ ᠶᠢᠨ ᠴᠢᠳᠠᠪᠬᠢ ᠪᠠᠨ ᠲᠠᠰᠤᠷᠠᠯᠳᠠ ᠦᠭᠡᠢ | ᠲᠡᠭᠡᠭᠰᠢᠯᠡᠭᠦᠯᠵᠦ᠂ ᠤᠰᠤ ᠶᠢ ᠨᠥᠬᠦᠪᠥᠷᠢᠯᠡᠨ ᠠᠮᠢ ᠠᠬᠤᠢ ᠶᠢ ᠰᠠᠶᠢᠵᠢᠷᠠᠭᠤᠯᠵᠦ᠂ ᠠᠭᠤᠯᠠ ᠶᠢ ᠤᠯᠠᠮ ᠬᠦᠬᠡᠮᠳᠦᠭ᠂ | ᠤᠰᠤ ᠶᠢ ᠤᠯᠠᠮ ᠴᠡᠩᠭᠡᠭ ᠪᠤᠯᠭᠠᠬᠰᠠᠨ ᠪᠦᠭᠡᠳ ᠲᠤᠤᠷᠠᠳᠦ ᠤᠷᠤᠰᠬᠠᠯ ᠤᠨ ᠤᠷᠤᠨ ᠳᠤ ᠨᠢᠭᠡᠨ ᠥᠪᠡᠷᠮᠢᠴᠡ | ᠣᠨᠴᠠᠯᠢᠭ ᠲᠠᠢ ᠤᠰᠤᠨ ᠴᠥᠭᠦᠷᠥᠮ ᠤᠨ ᠰᠢᠰᠲ᠋ᠧᠮ ᠢ ᠪᠦᠷᠢᠯᠳᠦᠭᠦᠯᠪᠡ᠃ ᠴᠤᠤᠯ ᠤᠰᠤᠨ ᠠᠰᠢᠭᠯᠠᠯᠲᠠ ᠶᠢᠨ | ᠬᠦᠢᠰᠦ ᠪᠠᠷᠢᠯᠭ᠎ᠠ ᠶᠢᠨ ᠳᠤᠬᠢᠷᠠᠭᠤᠯᠭ᠎ᠠ ᠪᠠᠷ ᠴᠤᠤᠯ ᠭᠤᠣᠯ ᠨᠢ ᠴᠤ ᠠᠷᠠᠳ ᠢᠷᠭᠡᠳ ᠤᠨ ᠠᠮᠢᠳᠤᠷᠠᠯ ᠢ ᠪᠠᠳᠤᠯᠠᠬᠤ᠂ | ᠠᠮᠢ ᠠᠬᠤᠢ ᠤᠷᠴᠢᠨ ᠲᠤᠭᠤᠷᠢᠨ ᠢ ᠰᠠᠶᠢᠵᠢᠷᠠᠭᠤᠯᠬᠤ ᠡᠭᠦᠷᠭᠡ ᠴᠢᠳᠠᠪᠬᠢ ᠪᠠᠨ ᠬᠦᠢᠴᠡᠳ ᠪᠠᠳᠠᠷᠠᠭᠤᠯᠵᠦ ᠪᠤᠢ᠃ | ᠤᠰᠤ ᠶᠢ ᠠᠰᠢᠬᠯᠠᠵᠦ ᠤᠰᠤᠨ ᠤ ᠭᠠᠮᠰᠢᠭ ᠢ ᠠᠷᠢᠯᠭᠠᠨ᠎ᠠ᠃ 2021 ᠣᠨ ᠳᠤ᠂ ᠴᠤᠤᠯ ᠤᠰᠤᠨ | ᠠᠰᠢᠭᠯᠠᠯᠲᠠ ᠶᠢᠨ ᠬᠦᠢᠰᠦ ᠪᠠᠷᠢᠯᠭ᠎ᠠ ᠦᠶᠡᠷ ᠤᠨ ᠤᠰᠤ ᠶᠢ 0.66 ᠳ᠋ᠦᠩᠰᠢᠭᠤᠷ ᠪᠣᠰᠤᠭ᠎ᠠ ᠲᠡᠭᠰᠢ ᠳᠥᠷᠪᠡᠯᠵᠢᠨ | ᠮᠧᠲᠷ ᠬᠠᠰᠢᠵᠤ ᠬᠠᠳᠠᠭᠠᠯᠠᠨ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠰᠠᠨ ᠦᠷ᠎ᠠ ᠠᠰᠢᠭ ᠢ ᠰᠢᠭᠤᠳ | 980 ᠲᠦᠮᠡᠨ ᠲᠥᠭᠦᠷᠢᠭ ᠬᠦ᠋ᠷᠳᠡᠵᠠᠢ︔ 2022 ᠤᠨ ᠳᠤ᠂ ᠦᠶᠡᠷ ᠤᠨ ᠤᠰᠤ ᠶᠢ 0.91 ᠳ᠋ᠦᠩᠰᠢᠭᠤᠷ | ᠪᠣᠰᠤᠭ᠎ᠠ ᠲᠡᠭᠰᠢ ᠳᠥᠷᠪᠡᠯᠵᠢᠨ ᠮᠧᠲᠷ ᠬᠠᠰᠢᠵᠤ ᠬᠠᠳᠠᠭᠠᠯᠠᠨ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠦᠷ᠎ᠡ ᠠᠰᠢᠭ ᠢ ᠰᠢᠭᠤᠳ 1400 ᠲᠦᠮᠡᠨ ᠲᠥᠭᠦᠷᠢᠭ ᠬᠦ᠋ᠷᠳᠡᠵᠠᠢ︔ 2023 ᠤᠨ ᠳᠤ᠂ 1.64 ᠳ᠋ᠦᠩᠰᠢᠭᠤᠷ | ᠪᠤᠰᠤᠭ᠎ᠠ ᠲᠡᠭᠰᠢ ᠲᠦᠷᠪᠡᠯᠵᠢᠨ ᠮᠧᠲᠷ ᠦᠶᠡᠷ ᠤᠨ ᠤᠰᠤ ᠶᠢ ᠬᠠᠰᠢᠵᠦ ᠬᠠᠳᠠᠭᠠᠯᠠᠨ᠂ ᠦᠶᠡᠷ ᠢ ᠰᠡᠷᠭᠡᠶᠢᠯᠡᠬᠦ ᠦᠷ᠎ᠡ | ᠠᠰᠢᠭ ᠢ ᠰᠢᠭᠤᠳ ᠪᠤᠶᠤ ᠳᠠᠮ ᠢᠶᠠᠷ 3163 ᠲᠦᠮᠡᠨ ᠲᠥᠭᠦᠷᠢᠭ ᠬᠦ᠋ᠷᠳᠡᠵᠠᠢ᠃ ᠡᠳᠡᠭᠡᠷ ᠲᠤᠭ᠎ᠠ ᠪᠠᠷᠢᠮᠲᠠ ᠨᠢ | ᠴᠤᠣᠯ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠨᠤᠳᠤᠭ ᠤᠰᠤᠨ ᠤ ᠤᠰᠤ ᠰᠢᠷᠤᠢ ᠶᠢ ᠰᠠᠬᠢᠨ ᠬᠠᠮᠠᠭᠠᠯᠠᠭᠰᠠᠨ | ᠪᠤᠳᠠᠳᠠᠢ ᠭᠡᠷᠡᠴᠢ ᠶᠢᠨ ᠨᠢᠬᠡ ᠪᠤᠯᠬᠤ ᠶᠤᠮ᠃ | ︽ᠴᠤᠤᠯ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠦᠶᠡᠷ ᠢ ᠰᠢᠨᠵᠢᠯᠡᠬᠦ ᠤᠬᠠᠭᠠᠨᠴᠢ ᠪᠠᠷ ᠰᠡᠷᠬᠡᠶᠢᠯᠡᠨ᠂ | ᠲᠤᠤᠷᠠᠳᠦ ᠤᠷᠤᠰᠬᠠᠯ ᠤᠨ ᠲᠠᠷᠢᠶ᠎ᠠ ᠪᠤᠯᠤᠨ ᠠᠷᠠᠳ ᠤᠯᠠᠨ ᠤ ᠠᠮᠢ ᠨᠠᠰᠦ ᠡᠳ᠋ ᠬᠦᠷᠦᠩᠭᠡ ᠶᠢᠨ ᠠᠮᠤᠷ ᠲᠦᠪᠰᠢᠨ ᠢ | ᠰᠠᠶᠢᠳᠤᠷ ᠬᠠᠮᠠᠭᠠᠯᠠᠵᠠᠢ᠃ ᠲᠤᠰ ᠪᠠᠷᠢᠯᠭ᠎ᠠ ᠠᠰᠢᠭᠯᠠᠯᠳᠠ ᠳᠤ ᠤᠷᠤᠭᠰᠠᠨ ᠠᠴᠠ ᠨᠠᠭᠠᠰᠢ᠂ 2016 ᠣᠨ ᠠᠴᠠ | 2018 ᠣᠨ ᠪᠣᠯᠲᠠᠯᠠᠬᠢ ᠭᠠᠩ ᠵᠢᠯ ᠪᠤᠯᠤᠨ 2021 ᠣᠨ ᠤ ᠣᠨᠴᠠ ᠶᠡᠭᠡ ᠦᠶᠡᠷ ᠤᠰᠤᠳᠤᠯ ᠲᠠᠢ ᠵᠢᠯ ᠳᠤ ᠴᠤ | ᠴᠤᠤᠯ ᠭᠤᠤᠯ ᠤᠨ ᠲᠤᠤᠷᠠᠳᠦ ᠤᠷᠤᠰᠬᠠᠯ ᠤᠨ ᠤᠰᠤ ᠲᠤᠳᠠᠭᠳᠠᠬᠤ ᠪᠠ ᠦᠶᠡᠷ ᠢ ᠰᠡᠷᠭᠡᠶᠢᠯᠡᠬᠦ ᠠᠰᠠᠭᠤᠳᠠᠯ ᠢ | ᠦᠨᠡᠡᠬᠦ ᠰᠶᠢᠳᠪᠦᠷᠢᠯᠡᠵᠡᠢ︾ ᠭᠡᠵᠦ ᠦᠪᠦᠷ ᠮᠤᠩᠭᠤᠯ ᠤᠨ ᠴᠤᠤᠯ ᠤᠰᠤᠨ ᠠᠰᠢᠭᠯᠠᠯᠳᠠ ᠶᠢᠨ ᠬᠢᠵᠠᠭᠠᠷᠳᠦ | ᠺᠤᠮᠫᠠᠨᠢ ᠶᠢᠨ ᠶᠡᠷᠦᠩᠭᠡᠢ ᠲᠠᠭᠠᠭᠠᠮᠠᠯ ᠬᠤ᠋ ᠸᠧᠨ ᠱᠧᠩ ᠲᠠᠨᠢᠯᠴᠠᠭᠤᠯᠤᠨ᠎ᠠ᠃ | ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ ᠬᠠᠭᠠᠯᠳᠠ ᠶᠢ ᠨᠡᠭᠡᠭᠡᠬᠦ ᠲᠠᠢ ᠵᠡᠷᠭᠡ ᠤᠰᠤᠨ | ᠴᠠᠬᠢᠯᠭᠠᠨ ᠤ ᠦᠷᠳᠡᠭᠡ ᠶᠢᠨ ᠴᠠᠬᠢᠯᠭᠠᠨ ᠭᠠᠷᠭᠠᠬᠤ ᠮᠠᠰᠢᠨ ᠬᠦᠷᠴᠢᠬᠢᠨᠡᠨ ᠲᠤᠤᠭᠠᠷᠤᠨᠠ᠃ ︽ᠤᠰᠤᠨ | ᠠᠰᠢᠭᠯᠠᠯᠳᠠ ᠪᠠᠷ ᠴᠠᠬᠢᠯᠭᠠᠨ ᠭᠠᠷᠭᠠᠬᠤ ᠨᠢ ᠨᠢᠭᠡᠨ ᠴᠡᠪᠡᠷ ᠡᠨᠧᠷᠬᠢ ᠪᠤᠯᠬᠤ ᠪᠦᠭᠡᠳ ᠵᠢᠯ ᠪᠦᠷᠢ ᠲᠤᠮᠳᠠᠬᠢ ᠪᠠᠷ | 2800 ᠲᠦᠮᠡᠨ ᠺᠢᠯᠣᠸᠠᠲ ᠴᠠᠭ ᠴᠠᠬᠢᠯᠭᠠᠨ ᠭᠠᠷᠭᠠᠨ᠎ᠠ︾ ᠭᠡᠵᠦ ᠴᠤᠤᠯ ᠤᠰᠤᠨ ᠴᠠᠬᠢᠯᠭᠠᠨ ᠤ ᠦᠷᠳᠡᠭᠡ ᠶᠢᠨ | ᠲᠠᠷᠤᠭ᠎ᠠ ᠯᠢᠦ ᠵᠧᠨ ᠢᠦᠢ ᠬᠡᠯᠡᠨ᠎ᠡ᠃ | 2006 ᠣᠨ ᠳᠤ ᠴᠣᠣᠯ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠠᠰᠢᠭᠯᠠᠯᠳᠠ ᠳᠤ ᠤᠷᠤᠭᠰᠠᠨ ᠠᠴᠠ | ᠨᠠᠭᠠᠰᠢ᠂ ᠲᠠᠷᠢᠶ᠎ᠠ ᠶᠢ ᠤᠰᠤᠯᠠᠬᠰᠠᠨ ᠤᠰᠤᠨ ᠤ ᠬᠡᠮᠵᠢᠶ᠎ᠡ 80 ᠳ᠋ᠦᠩᠰᠢᠭᠤᠷ ᠪᠤᠰᠤᠭ᠎ᠠ ᠲᠡᠭᠰᠢ ᠲᠦᠷᠪᠡᠯᠵᠢᠨ | ᠮᠧᠲᠷ ᠲᠤ ᠬᠦᠷᠴᠦ᠂ ᠦᠶᠡᠷ ᠤᠨ ᠤᠰᠤ ᠶᠢ 3 ᠳ᠋ᠦᠩᠰᠢᠭᠤᠷ ᠪᠣᠰᠤᠭ᠎ᠠ ᠲᠡᠭᠰᠢ ᠳᠥᠷᠪᠡᠯᠵᠢᠨ ᠮᠧᠲᠷ ᠬᠠᠰᠢᠨ | ᠬᠠᠳᠠᠭᠠᠯᠠᠵᠤ᠂ 5 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠠᠢ᠃ 2024 ᠣᠨ ᠳᠤ᠂ ᠥᠪᠥᠷ | ᠮᠣᠩᠭᠤᠯ ᠤᠨ ᠴᠣᠣᠯ ᠤᠰᠤᠨ ᠠᠰᠢᠭᠯᠠᠯᠳᠠ ᠶᠢᠨ ᠬᠦᠢᠰᠦ ᠪᠠᠷᠢᠯᠭ᠎ᠠ ᠵᠢᠩᠬᠢᠨᠢ ᠪᠠᠷ ᠠᠰᠢᠭᠯᠠᠯᠳᠠ ᠳᠤ ᠤᠷᠤᠭᠰᠠᠨ ᠤ | ᠲᠠᠷᠠᠭ᠎ᠠ ᠠᠵᠦ ᠠᠬᠤᠢ ᠶᠢᠨ ᠦᠷ᠎ᠡ ᠠᠰᠢᠭ ᠲᠤ ᠬᠤᠶᠠᠳᠤᠭᠠᠷ ᠤᠳᠠᠭ᠎ᠠ ᠦᠨᠡᠯᠡᠯᠳᠡ ᠬᠢᠵᠦ ᠬᠢᠨᠠᠵᠦ | ᠬᠠᠷᠭᠤᠭᠤᠯᠤᠬᠰᠠᠨ ᠳ᠋ᠦᠩ ᠢ ᠦᠨᠳᠤᠰᠤᠯᠡᠪᠡᠯ᠄ ᠴᠤᠤᠯ ᠤᠰᠤᠨ ᠠᠰᠢᠭᠯᠠᠯᠳᠠ ᠶᠢᠨ ᠬᠦᠢᠰᠦ ᠪᠠᠷᠢᠯᠭ᠎ᠠ ᠶᠢᠨ ᠠᠵᠦ | ᠠᠬᠤᠢ ᠶᠢᠨ ᠦᠷ᠎ᠠ ᠠᠰᠢᠭ ᠮᠡᠳᠡᠭᠳᠡᠮ᠎ᠡ ᠲᠡᠬᠡᠭᠰᠢᠯᠡᠵᠦ᠂ ᠡᠬᠦᠨ ᠳᠤ ᠲᠠᠷᠢᠶ᠎ᠠ ᠶᠢ ᠤᠰᠤᠯᠠᠬᠤ ᠲᠠᠯ᠎ᠠ ᠪᠠᠷ ᠡᠭᠦᠳᠦᠭᠰᠡᠨ | ᠵᠢᠯ ᠤᠨ ᠳᠤᠮᠳᠠᠴᠢ ᠦᠷ᠎ᠡ ᠠᠰᠢᠭ ᠨᠢ 9171 ᠲᠦᠮᠡᠨ ᠲᠥᠭᠦᠷᠢᠭ ᠲᠤ ᠬᠦᠷᠴᠦ᠂ ᠦᠶᠡᠷ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠲᠠᠯ᠎ᠠ ᠪᠠᠷ ᠡᠭᠦᠳᠦᠭᠰᠡᠨ ᠵᠢᠯ ᠤᠨ ᠳᠤᠮᠳᠠᠴᠢ ᠦᠷ᠎ᠡ ᠠᠰᠢᠭ ᠨᠢ 3163 ᠲᠦᠮᠡᠨ | ᠲᠥᠭᠦᠷᠢᠭ ᠲᠤ ᠬᠦᠷᠴᠦ᠂ ᠴᠠᠬᠢᠯᠭᠠᠨ ᠭᠠᠷᠭᠠᠬᠰᠠᠨ ᠦᠷ᠎ᠡ ᠠᠰᠢᠭ ᠨᠢ 1042 ᠲᠦᠮᠡᠨ ᠲᠥᠭᠦᠷᠢᠭ ᠲᠤ ᠬᠦᠷᠴᠦ᠂ | ᠶᠡᠷᠦᠩᠭᠡᠢ ᠦᠷ᠎ᠠ ᠠᠰᠢᠭ ᠨᠢ 13376 ᠲᠦᠮᠡᠨ ᠲᠥᠭᠦᠷᠢᠭ ᠲᠤ ᠭᠦᠷᠦᠭᠰᠡᠨ ᠪᠠᠶᠢᠨ᠎ᠠ᠃ | ᠨᠡᠶᠢᠭᠡᠮ ᠪᠠ ᠠᠵᠦ ᠠᠬᠤᠢ ᠶᠢᠨ ᠲᠠᠯ᠎ᠠ ᠪᠠᠷ ᠡᠭᠦᠳᠦᠭᠰᠡᠨ ᠦᠷ᠎ᠠ ᠠᠰᠢᠭ ᠨᠢ ᠴᠤᠤᠯ ᠤᠰᠤᠨ | ᠠᠰᠢᠭᠯᠠᠯᠳᠠ ᠶᠢᠨ ᠬᠦᠢᠰᠦ ᠪᠠᠷᠢᠯᠭ᠎ᠠ ᠳᠤ ᠤᠯᠠᠨ ᠠᠷᠪᠢᠨ ᠢᠷᠠᠭᠤ ᠠᠯᠳᠠᠷ ᠤᠯᠭᠤᠵᠦ ᠦᠭᠪᠡ᠃ 2012 | ᠤᠨ ᠳᠤ ᠥᠪᠥᠷ ᠮᠣᠩᠭᠤᠯ ᠤᠨ ᠴᠤᠤᠯ ᠤᠰᠤᠨ ᠠᠰᠢᠭᠯᠠᠯᠲᠠ ᠶᠢᠨ ᠴᠠᠬᠢᠯᠭᠠᠨ ᠭᠠᠷᠭᠠᠬᠤ ᠺᠣᠮᠫᠠᠨᠢ ᠵᠠᠯᠠᠶᠢᠳ | ᠬᠤᠰᠢᠭᠤᠨ ᠤ ᠵᠠᠰᠠᠭ ᠤᠨ ᠤᠷᠳᠤᠨ ᠳᠤ ︽ᠬᠦᠳᠡᠭᠡ ᠠᠵᠦ ᠠᠬᠤᠢ ᠬᠦᠳᠡᠭᠡ ᠲᠤᠰᠬᠤᠨ ᠲᠠᠷᠢᠶᠠᠴᠢᠨ︾ ᠳᠤ | ᠦᠢᠯᠡᠴᠢᠯᠡᠭᠰᠡᠨ ᠲᠡᠷᠢᠬᠦᠨ ᠤ ᠬᠠᠮᠳᠦ ᠨᠡᠶᠢᠳᠡ ᠪᠠᠷ ᠦᠨᠡᠯᠡᠭᠳᠡᠪᠡ︔ 2016 ᠣᠨ ᠳᠤ᠂ ᠴᠢᠴᠢᠬᠠᠷ ᠬᠤᠳᠠ ᠶᠢᠨ | ᠲᠠᠷᠢᠶᠠᠴᠢ ᠰᠢᠶᠠᠨ ᠤ ᠵᠠᠰᠠᠭ ᠤᠨ ᠣᠷᠳᠣᠨ ᠳᠤ ᠲᠠᠷᠢᠶᠠᠯᠠᠩ ᠢ ᠲᠡᠮᠵᠢᠭᠰᠡᠨ ᠲᠡᠷᠢᠭᠦᠨ ᠤ ᠨᠢᠭᠡᠴᠡ ᠪᠠᠷ ᠦᠨᠡᠯᠡᠭᠳᠡᠪᠡ︔ | 2017 ᠣᠨ ᠳᠤ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠰᠢᠯᠢᠳᠡᠭ ᠦᠢᠯᠡᠴᠢᠯᠡᠭᠡᠨ ᠤ | ᠨᠢᠭᠡᠴᠢ ᠪᠠᠷ ᠦᠨᠡᠯᠡᠭᠳᠡᠵᠠᠢ᠃ | ︵ᠬᠠᠨ ᠢᠤᠢ ᠭᠧ ᠲᠤᠯᠭᠠᠭᠤᠷᠢ︶ |