ᠵᠠᠬᠢᠳᠠᠯ ᠰᠤᠷᠪᠤᠯᠵᠢᠯᠠᠯ ᠢ ᠰᠠᠶᠢᠳᠤᠷ ᠰᠶᠢᠳᠪᠤᠷᠢᠯᠡᠵᠤ ᠨᠡᠶᠢᠬᠡᠮ ᠤᠨ ᠠᠮᠦᠷ ᠲᠤᠬᠳᠠᠭᠤᠨ ᠢ ᠪᠠᠳᠦᠯᠠᠵᠤ ᠪᠠᠶᠢᠭ᠎ᠠ ᠵᠠᠯᠠᠶᠢᠳ ᠬᠤᠰᠢᠭᠤ
ᠨᠡᠶᠢᠲᠡᠯᠡᠭᠰᠡᠨ ᠴᠠᠭ᠄
2024/11/19
     ᠤᠶᠢᠷ᠎ᠠ ᠳᠤ᠂ ᠵᠠᠯᠠᠶᠢᠳ ᠬᠤᠰᠢᠭᠤ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠪᠠ ᠵᠦᠷᠢᠴᠡᠯ ᠵᠢᠭᠤᠷᠠᠯᠳᠤᠭᠠᠨ ᠢ ︽ᠠᠶᠢᠯᠴᠢᠯᠠᠨ ᠰᠤᠷᠪᠤᠯᠵᠢᠯᠠᠬᠤ᠂ ᠵᠢᠭᠰᠠᠭᠠᠨ ᠪᠠᠶᠢᠴᠠᠭᠠᠬᠤ᠂ ᠨᠠᠮᠳᠠᠭᠤᠯᠵᠦ ᠰᠶᠢᠳᠪᠦᠷᠢᠯᠡᠬᠦ︾ ᠲᠤᠰᠬᠠᠢ ᠠᠵᠢᠯᠯᠠᠭ᠎ᠠ ᠶᠢ ᠭᠤᠷᠪᠠᠨ ᠰᠠᠷ᠎ᠠ ᠶᠢᠨ ᠬᠤᠭᠤᠴᠠᠭ᠎ᠠ ᠲᠠᠢ ᠵᠤᠬᠢᠶᠠᠨ ᠪᠠᠶᠢᠭᠤᠯᠤᠨ ᠦᠷᠨᠢᠬᠦᠯᠵᠦ᠂ ᠤᠯᠠᠨ ᠲᠦᠮᠡᠨ ᠤ ᠬᠠᠤᠯᠢ ᠶᠤᠰᠤᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠨᠡᠶᠢᠬᠡᠮ ᠤᠨ ᠲᠤᠬᠳᠠᠭᠤᠨ ᠢ ᠨᠦᠯᠦᠬᠡᠯᠡᠬᠦ ᠠᠰᠠᠭᠤᠳᠠᠯ ᠢ ᠦᠨᠳᠦᠰᠦᠨ ᠠᠴᠠ ᠨᠢ ᠰᠶᠢᠳᠪᠦᠷᠢᠯᠡᠵᠦ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠪᠠ ᠵᠦᠷᠢᠴᠡᠯ ᠵᠢᠭᠤᠷᠠᠯᠳᠤᠭᠠᠨ ᠤ ᠡᠯ᠎ᠡ ᠵᠦᠢᠯ ᠤᠨ ᠲᠠᠯᠳᠠ ᠬᠡᠮ ᠢ ᠠᠷᠢᠯᠭᠠᠵᠦ ᠪᠤᠢ᠃     ᠲᠤᠰᠬᠠᠢ ᠠᠵᠢᠯᠯᠠᠭ᠎ᠠ ᠶᠢ ᠡᠬᠢᠯᠡᠬᠦᠯᠦᠭᠰᠡᠨ ᠠᠴᠠ ᠨᠠᠭᠠᠰᠢ᠂ ᠵᠠᠯᠠᠶᠢᠳ ᠬᠤᠰᠢᠭᠤᠨ ᠤ ᠡᠯ᠎ᠡ ᠱᠠᠳᠦᠨ ᠤ ᠨᠠᠮ ᠵᠠᠰᠠᠭ ᠤᠨ ᠤᠳᠤᠷᠢᠳᠬᠤ ᠺᠠᠳ᠋ᠷ ᠪᠠ ᠺᠠᠳ᠋ᠷ ᠠᠵᠢᠯᠳᠠᠨ ᠦᠨᠳᠦᠰᠦᠨ ᠱᠠᠳᠦ ᠪᠠᠷ ᠬᠦᠨᠵᠡᠬᠡᠶᠢᠷᠡᠨ ᠤᠯᠠᠨ ᠲᠦᠮᠡᠨ ᠲᠠᠢ ᠨᠢᠭᠤᠷᠳᠠᠨ ᠶᠠᠷᠢᠯᠴᠠᠵᠦ᠂ ᠤᠯᠠᠨ ᠲᠦᠮᠡᠨ ᠤ ᠡᠷᠡᠮᠡᠯᠵᠡᠯ ᠪᠠ ᠬᠦᠴᠢᠷᠳᠡᠯ ᠢ ᠰᠤᠨᠤᠰᠴᠦ᠂ ᠲᠡᠳᠡᠨ ᠤ ᠰᠠᠨᠠᠯ ᠰᠠᠨᠠᠭᠤᠯᠭ᠎ᠠ ᠶᠢ ᠨᠠᠷᠢᠯᠢᠭ ᠲᠡᠮᠳᠡᠭᠯᠡᠨ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠪᠡ ᠵᠦᠷᠢᠴᠡᠯ ᠵᠢᠭᠤᠷᠠᠯᠳᠤᠭᠠᠨ ᠢ ᠨᠠᠷᠢᠯᠢᠭ ᠪᠠᠶᠢᠴᠠᠭᠠᠵᠦ᠂ ᠲᠤᠰᠬᠠᠭᠰᠠᠨ ᠠᠰᠠᠭᠤᠳᠠᠯ ᠢ ᠴᠠᠭ ᠲᠤᠬᠠᠢ ᠳᠤᠨᠢ ᠰᠶᠢᠳᠪᠦᠷᠢᠯᠡᠪᠡ᠃     ᠸᠠᠩ ᠠᠪᠠᠭ᠋ᠠᠢ ᠪᠤᠯ ᠬᠤᠯᠠ ᠭᠠᠵᠠᠷ ᠬᠠᠷᠢ ᠳᠤ ᠮᠤᠷᠳᠠᠵᠦ ᠤᠯᠠᠨ ᠵᠢᠯ ᠤᠨ ᠲᠠᠷᠠᠭ᠎ᠠ ᠲᠠᠬᠢᠨᠳᠠ ᠨᠤᠳᠤᠭ ᠲᠠᠭᠠᠨ ᠪᠤᠴᠠᠬᠰᠠᠨ ᠬᠦᠮᠦᠰ ᠤᠨ ᠨᠢᠬᠡ ᠪᠤᠯᠤᠨ᠎ᠠ᠂ ᠲᠡᠷᠡ ᠲᠠᠷᠢᠶᠠᠨ ᠤ ᠠᠰᠠᠭᠤᠳᠠᠯ ᠲᠡᠭᠡᠷ᠎ᠠ ᠠᠬ᠎ᠠ ᠲᠠᠢ ᠪᠠᠨ ᠵᠦᠷᠢᠴᠡᠯ ᠭᠠᠷᠴᠠᠢ᠃ ᠰᠢᠩ ᠯᠦᠩ ᠲᠤᠰᠬᠤᠨ ᠤ ᠬᠤᠶᠠᠳᠤᠭᠠᠷ ᠡᠬᠡᠯᠵᠢ ᠶᠢᠨ ᠲᠠᠷᠢᠶᠠᠨ ᠤ ᠲᠠᠭᠠᠭᠠᠴᠢᠯᠠᠯᠳᠠ ᠳᠤ ᠸᠠᠩ ᠠᠪᠠᠭ᠋ᠠᠢ ᠤᠷᠤᠯᠴᠠᠵᠠᠢ᠃ ᠬᠡᠪᠡᠴᠦ ᠲᠡᠷᠡ ᠬᠤᠯᠠ ᠭᠠᠵᠠᠷ ᠬᠠᠷᠢ ᠳᠤ ᠮᠤᠷᠳᠠᠵᠦ ᠡᠷᠦᠬᠡ ᠠᠮᠠ ᠶᠢᠨ ᠲᠠᠩᠰᠠ ᠪᠠᠨ ᠰᠢᠯᠵᠢᠬᠦᠯᠦᠭᠰᠡᠨ ᠠᠴᠠ ᠰᠢᠨ᠎ᠠ ᠪᠠᠷ ᠲᠠᠷᠬᠠᠭᠠᠬᠰᠠᠨ ᠲᠠᠷᠢᠶᠠᠨ ᠤ ᠡᠵᠡᠩᠨᠡᠯᠳᠡ ᠶᠢᠨ ᠦᠨᠡᠮᠯᠡᠯ ᠲᠡᠭᠡᠷ᠎ᠡ ᠲᠡᠬᠦᠨ ᠤ ᠨᠡᠷ᠎ᠡ ᠨᠢ ᠦᠬᠡᠢ ᠪᠤᠯᠪᠠ᠃ 2022 ᠤᠨ ᠳᠤ᠂ ᠸᠠᠩ ᠠᠪᠠᠭ᠋ᠠᠢ ᠲᠠᠭᠠᠭᠠᠴᠢᠯᠠᠵᠦ ᠠᠪᠤᠬᠰᠠᠨ ᠲᠠᠷᠢᠶ᠎ᠠ ᠪᠠᠨ ᠪᠤᠴᠠᠭᠠᠵᠦ ᠠᠪᠬᠤ ᠪᠠᠷ ᠱᠠᠭᠠᠷᠳᠠᠬᠰᠠᠨ ᠳᠤ ᠠᠬ᠎ᠠ ᠨᠢ ᠪᠤᠴᠠᠭᠠᠵᠦ ᠦᠭᠬᠦᠭᠰᠡᠨ ᠦᠬᠡᠢ ᠵᠦᠷᠢᠴᠡᠯ ᠨᠢ ᠤᠯᠠᠮ ᠬᠤᠷᠴᠠᠳᠪᠠ᠃ ᠵᠠᠯᠠᠶᠢᠳ ᠬᠤᠰᠢᠭᠤᠨ ᠤ ᠪᠠᠶᠠᠠᠭᠤᠤᠯ ᠪᠠᠯᠭᠠᠰᠦᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠡᠨᠡᠬᠦ ᠪᠠᠶᠢᠳᠠᠯ ᠢ ᠮᠡᠳᠡᠭᠰᠡᠨ ᠤ ᠲᠠᠷᠠᠭ᠎ᠠ ᠲᠡᠷᠡ ᠲᠠᠷᠤᠢ ᠳᠤᠨᠢ ᠡᠶᠡᠳᠡᠬᠦᠯᠭᠡ ᠬᠢᠵᠠᠢ᠃ ᠪᠠᠯᠭᠠᠰᠦᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠡᠰᠢᠬᠦᠨ ᠵᠡᠷᠭᠡ ᠺᠠᠳ᠋ᠷ ᠠᠵᠢᠯᠳᠠᠨ ᠰᠢᠩ ᠯᠦᠩ ᠲᠤᠰᠬᠤᠨ ᠤ ᠵᠦᠪᠯᠡᠯ ᠤᠨ ᠬᠡᠰᠢᠬᠦᠳ ᠲᠠᠢ ᠬᠠᠮᠳᠤ ᠸᠠᠩ ᠠᠪᠠᠭ᠋ᠠᠢ ᠪᠠ ᠲᠠᠭᠦᠨ ᠤ ᠠᠬ᠎ᠠ ᠲᠠᠢ ᠨᠢᠭᠤᠷᠳᠠᠨ ᠶᠠᠷᠢᠯᠴᠠᠵᠦ᠂ ᠬᠤᠶᠠᠷ ᠲᠠᠯ᠎ᠠ ᠶᠢᠨ ᠡᠷᠡᠮᠡᠯᠵᠡᠯ ᠢ ᠨᠠᠷᠢᠯᠢᠭ ᠰᠤᠨᠤᠰᠤᠨ ᠠᠰᠠᠭᠤᠳᠠᠯ ᠢ ᠵᠠᠳᠠᠯᠵᠦ᠂ ᠬᠠᠮᠢᠶ᠎ᠠ ᠪᠦᠬᠦᠢ ᠬᠠᠤᠯᠢ ᠲᠦᠷᠢᠮ ᠪᠠ ᠲᠦᠷᠦ ᠶᠢᠨ ᠪᠤᠳᠤᠯᠭ᠎ᠠ ᠶᠢ ᠲᠤᠳᠤᠷᠬᠠᠢ ᠲᠠᠶᠢᠯᠪᠤᠷᠢᠯᠠᠨ ᠦᠭᠴᠠᠢ᠃ ᠬᠠᠮᠤᠭ ᠡᠴᠦᠰ ᠲᠤ᠂ ᠠᠬ᠎ᠠ ᠨᠢ 8 ᠮᠤ᠋ ᠲᠠᠷᠢᠶ᠎ᠠ ᠶᠢ ᠬᠡᠤᠬᠡᠨ ᠲᠡᠭᠦᠤ ᠳᠡᠭᠡᠨ ᠪᠤᠴᠠᠭᠠᠨ ᠦᠭᠴᠦ᠂ ᠬᠤᠶᠠᠷ ᠲᠠᠯ᠎ᠠ ᠪᠠᠷ ᠢᠶᠠᠨ ᠵᠦᠪᠯᠡᠯᠴᠡᠭᠡᠷ ᠤᠨ ᠪᠢᠴᠢᠭ ᠲᠡᠭᠡᠷ᠎ᠡ ᠭᠠᠷ ᠤᠨ ᠦᠰᠦᠭ ᠵᠢᠷᠤᠬᠰᠠᠨ ᠪᠦᠭᠡᠳ ᠲᠠᠬᠢᠨ ᠵᠠᠬᠢᠳᠠᠯ ᠰᠤᠷᠪᠤᠯᠵᠢᠯᠠᠯ ᠬᠢᠬᠦ ᠦᠬᠡᠢ ᠬᠡᠵᠦ ᠠᠮᠠᠯᠳᠠᠪᠠ᠃     ᠲᠤᠰᠬᠠᠢ ᠠᠵᠢᠯᠯᠠᠭ᠎ᠠ ᠶᠢᠨ ᠲᠠᠯ᠎ᠠ ᠪᠠᠷ ᠦᠨᠡᠨ ᠬᠦ ᠦᠷ᠎ᠡ ᠪᠦᠳᠦᠮᠵᠢ ᠤᠯᠬᠤ ᠶᠢᠨ ᠲᠦᠯᠦᠬᠡ᠂ ᠵᠠᠯᠠᠶᠢᠳ ᠬᠤᠰᠢᠭᠤ ᠡᠬᠢ ᠡᠭᠦᠰᠦᠯ ᠠᠴᠠ ᠨᠢ ᠵᠠᠰᠠᠬᠤ ᠪᠠ ᠲᠦᠭᠰᠢᠬᠦᠷᠢ ᠶᠢ ᠬᠠᠮᠢᠶᠠᠷᠦᠨ ᠡᠵᠡᠮᠳᠡᠬᠦ ᠶᠢ ᠤᠶᠠᠯᠳᠤᠭᠤᠯᠵᠦ᠂ ᠭᠠᠴᠠᠭ᠎ᠠ ᠲᠤᠰᠬᠤᠨ᠂ ᠨᠡᠶᠢᠬᠡᠮ ᠲᠤᠭᠤᠷᠢᠭ ᠢᠶᠠᠷ ᠨᠢᠬᠡᠴᠢ ᠪᠤᠯᠭᠠᠵᠦ᠂ ᠲᠤᠳᠤᠭᠠᠳᠤ ᠶᠢ ᠬᠠᠮᠠᠭᠠᠯᠠᠬᠤ ᠰᠠᠯᠪᠦᠷᠢ᠂ ᠲᠤᠤᠷᠵᠢᠭᠤᠯᠤᠬᠴᠢ᠂ ᠡᠶᠡᠳᠡᠬᠦᠯᠦᠭᠴᠢ ᠪᠠᠷ ᠭᠤᠤᠯ ᠬᠦᠴᠦᠨ ᠪᠤᠯᠭᠠᠨ᠂ ᠭᠤᠤᠯᠳᠠᠯᠭ᠎ᠠ ᠲᠠᠢ ᠬᠦᠷᠢᠶᠡᠨ ᠳᠤ ᠪᠦᠬᠦ ᠲᠠᠯ᠎ᠠ ᠶᠢᠨ ᠪᠠᠶᠢᠴᠠᠭᠠᠯᠳᠠ ᠬᠢᠵᠡᠢ᠃ ᠵᠠᠯᠠᠶᠢᠳ ᠬᠤᠰᠢᠭᠤ ᠪᠠᠰᠠ ᠤᠯᠠᠨ ᠡᠰᠢᠵᠢᠭᠰᠡᠨ ᠡᠶᠡᠳᠡᠬᠦᠯᠬᠦ ᠲᠤᠬᠳᠠᠴᠠ ᠶᠢ ᠲᠡᠭᠦᠯᠳᠡᠷᠵᠢᠭᠦᠯᠵᠦ᠂ ᠬᠤᠰᠢᠭᠤ᠂ ᠰᠤᠮᠤ ᠰᠢᠶᠠᠩ ᠪᠠᠯᠭᠠᠰᠤ ᠪᠠ ᠭᠠᠴᠠᠭ᠎ᠠ ᠲᠤᠰᠬᠤᠨ ᠭᠤᠷᠪᠠᠨ ᠱᠠᠳᠤᠨ ᠤ ᠵᠦᠷᠢᠴᠡᠯ ᠵᠢᠭᠤᠷᠠᠯᠳᠤᠭᠠᠨ ᠢ ᠡᠶᠡᠳᠡᠬᠦᠯᠦᠨ ᠡᠵᠡᠮᠳᠡᠬᠦ ᠲᠤᠤᠷ ᠲᠤ ᠲᠦᠰᠢᠭᠯᠡᠨ᠂ ᠬᠠᠷᠢᠶ᠎ᠠ ᠤᠷᠤᠨ ᠤ ᠰᠤᠮᠤ ᠰᠢᠶᠠᠩ ᠪᠠᠯᠭᠠᠰᠦ ᠪᠤᠯᠤᠨ ᠬᠤᠯᠪᠤᠬᠳᠠᠯ ᠪᠦᠬᠦᠢ ᠰᠠᠯᠠᠭ᠎ᠠ ᠮᠦᠴᠢᠷ ᠲᠠᠢ ᠬᠠᠷᠢᠴᠠᠭ᠎ᠠ ᠪᠠᠨ ᠴᠢᠩᠭᠠᠳᠬᠠᠵᠠᠢ᠃     ᠵᠠᠯᠠᠶᠢᠳ ᠬᠤᠰᠢᠭᠤ ᠲᠤᠰᠬᠠᠢ ᠠᠵᠢᠯᠯᠠᠭ᠎ᠠ ᠦᠷᠨᠢᠬᠦᠯᠦᠨ ᠤᠯᠠᠨ ᠲᠦᠮᠡᠨ ᠤ ᠵᠠᠬᠢᠳᠠᠯ  ᠰᠤᠷᠪᠤᠯᠵᠢᠯᠠᠯ ᠪᠠ ᠵᠦᠷᠢᠴᠡᠯ ᠵᠢᠭᠤᠷᠠᠯᠳᠤᠭᠠᠨ ᠢ ᠰᠶᠢᠳᠪᠦᠷᠢᠯᠡᠵᠦ᠂ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠤᠯᠠᠮ ᠨᠢᠬᠡ ᠠᠯᠬᠤᠮ ᠨᠢᠬᠳᠠᠷᠠᠭᠤᠯᠵᠦ᠂ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ᠂ ᠠᠮᠦᠷ ᠲᠦᠪᠰᠢᠨ ᠤ ᠲᠦᠷᠦᠭᠳᠡᠯ ᠢ  ᠦᠨᠡᠨ ᠬᠦ ᠨᠡᠮᠡᠭᠳᠡᠬᠦᠯᠵᠡᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号