| 11 ᠰᠠᠷ᠎ᠠ ᠶᠢᠨ 19 ᠤ ᠡᠳᠦᠷ᠂ ᠵᠠᠯᠠᠶᠢᠳ ᠬᠤᠰᠢᠭᠤᠨ ᠤ ᠢᠨᠳᠡᠷ ᠪᠠᠯᠭᠠᠰᠤ ᠬᠤᠶᠠᠳᠤᠭᠠᠷ ᠡᠭᠡᠯᠵᠢ ᠶᠢᠨ | ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠨ 30 ᠵᠢᠯ | ᠤᠷᠲᠤᠳᠬᠠᠬᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠡᠵᠡᠩᠨᠡᠨ ᠬᠠᠮᠢᠶᠠᠷᠬᠤ | ᠥᠷᠲᠡᠭᠡ ᠶᠢᠨ ᠪᠥᠬᠦ ᠠᠵᠢᠯᠲᠠᠨ ᠵᠢᠴᠢ ᠰᠢᠶᠤᠤ ᠴᠧᠩ ᠽᠢ ᠶᠢᠨ ᠲᠣᠰᠬᠤᠨ ᠢ ᠲᠠᠭᠠᠭᠠᠴᠢᠯᠠᠭᠰᠠᠨ ᠳᠠᠷᠤᠭ᠎ᠠ᠂ | ᠭᠠᠴᠠᠭ᠎ᠠ ᠲᠣᠰᠬᠤᠨ ᠤ ᠱᠦᠵᠢ᠂ ᠨᠢᠭᠲᠠᠯᠠᠨ ᠪᠤᠳᠤᠭᠴᠢ ᠪᠠ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ | ᠨᠠᠷ ᠪᠣᠯᠪᠠᠰᠤᠷᠠᠯ ᠳᠤ ᠣᠷᠣᠯᠴᠠᠪᠠ᠃ | ᠪᠣᠯᠪᠠᠰᠤᠷᠠᠯ ᠤᠨ ᠬᠤᠷᠠᠯ ᠳᠡᠭᠡᠷ᠎ᠡ᠂ ᠠᠵᠢᠯᠲᠠᠳ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ | ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠨ 30 ᠵᠢᠯ ᠤᠷᠲᠤᠳᠬᠠᠬᠤ ᠠᠵᠢᠯ ᠤᠨ | ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ᠂ ᠬᠡᠷᠡᠭᠵᠢᠭᠦᠯᠬᠦ ᠠᠯᠬᠤᠮ ᠳᠠᠷᠠᠭ᠎ᠠ ᠪᠠ ᠲᠤᠷᠰᠢᠯᠭ᠎ᠠ ᠠᠷᠭ᠎ᠠ ᠬᠢᠳᠡᠯ ᠢ | ᠨᠠᠷᠢᠨ ᠲᠠᠶᠢᠯᠪᠤᠷᠢᠯᠠᠭᠰᠠᠨ ᠪᠥᠭᠡᠳ ︽ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ | ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠨ ᠭᠤᠴᠢᠨ ᠵᠢᠯ ᠤᠷᠲᠤᠳᠬᠠᠬᠤ ᠪᠠᠶᠢᠳᠠᠯ ᠢ ᠤᠶᠢᠯᠠᠭᠠᠬᠤ ᠲᠤᠭ᠎ᠠ | ᠪᠦᠷᠢᠳᠬᠡᠯ ᠤᠨ ᠬᠦᠰᠦᠨᠦᠭᠲᠦ ︾ ᠶᠢᠨ ᠬᠥᠮᠦᠨ ᠠᠮᠠ᠂ ᠲᠠᠷᠢᠶᠠᠨ ᠭᠠᠵᠠᠷ ᠤᠨ ᠬᠤᠪᠢᠷᠠᠯᠲᠠ ᠶᠢᠨ ᠪᠠᠶᠢᠳᠠᠯ ᠳᠤ | ᠴᠢᠭᠯᠡᠭᠦᠯᠦᠨ ᠨᠠᠷᠢᠨ ᠲᠣᠳᠣᠷᠬᠠᠶᠢᠯᠠᠯᠲᠠ ᠬᠢᠪᠠ᠃ | ᠬᠤᠷᠠᠯ ᠠᠴᠠ ᠡᠯ᠎ᠡ ᠭᠠᠴᠠᠭ᠎ᠠ ᠲᠣᠰᠬᠤᠨ ᠤ ᠬᠢᠨ ᠠᠵᠢᠯ ᠤᠨ ᠶᠠᠪᠤᠴᠠ ᠪᠠᠨ ᠴᠢᠩᠭ᠎ᠠ ᠵᠢᠷᠤᠮᠵᠢᠭᠤᠯᠵᠤ᠂ | ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠡᠯ᠎ᠡ ᠵᠦᠢᠯ ᠤᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠪᠣᠯᠤᠨ | ᠣᠨᠣᠪᠴᠢᠲᠤ ᠴᠢᠨᠠᠷ ᠢ ᠪᠠᠲᠤᠯᠠᠬᠤ ᠬᠡᠷᠡᠭᠲᠡᠢ᠃ ᠲᠣᠭᠲᠠᠭᠤᠨ ᠪᠠᠶᠢᠬᠤ ᠪᠠᠷ ᠤᠷᠢᠲᠠᠯ ᠪᠣᠯᠭᠠᠬᠤ ᠶᠢ ᠪᠠᠷᠢᠮᠲᠠᠯᠠᠵᠤ᠂ | ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠠᠵᠢᠯ ᠤᠨ ᠬᠡᠷᠡᠭᠵᠢᠭᠦᠯᠬᠦ ᠲᠥᠰᠦᠯ ᠢ | ᠴᠢᠩᠭ᠎ᠠ ᠵᠢᠷᠤᠮᠯᠠᠨ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠠᠵᠢᠯ ᠢ | ᠬᠠᠤᠯᠢ ᠲᠣᠭᠲᠠᠭᠠᠯ ᠶᠣᠰᠣᠭᠠᠷ ᠡᠮᠬᠢ ᠵᠢᠷᠤᠮ ᠲᠠᠢ ᠠᠬᠢᠭᠤᠯᠵᠤ᠂ ᠲᠠᠷᠢᠶᠠᠴᠢᠳ ᠤᠨ ᠭᠤᠣᠯ ᠴᠣᠭᠴᠠ ᠶᠢᠨ ᠪᠠᠶᠢᠷᠢ | ᠰᠠᠭᠤᠷᠢ ᠶᠢ ᠬᠦᠨᠳᠦᠳᠬᠡᠵᠦ᠂ ᠲᠠᠷᠢᠶᠠᠴᠢᠳ ᠲᠤ ᠲᠣᠭᠲᠠᠭᠤᠨ᠂ ᠨᠠᠶᠢᠳᠠᠪᠤᠷᠢᠲᠠᠢ ᠭᠠᠵᠠᠷ ᠰᠢᠷᠣᠢ ᠶᠢᠨ | ᠳᠠᠭᠠᠭᠠᠴᠢᠯᠠᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠤᠨ ᠡᠴᠦᠰ ᠲᠤ ᠪᠠᠰᠠ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ | ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠨ 30 ᠵᠢᠯ ᠤᠷᠲᠤᠳᠬᠠᠬᠤ ᠠᠵᠢᠯ ᠤᠨ ᠬᠤᠯᠪᠣᠭᠳᠠᠯ ᠪᠦᠬᠦᠢ | ᠠᠰᠠᠭᠤᠳᠠᠯ ᠳᠤ ᠲᠤᠬᠠᠶ ᠶᠢᠨ ᠭᠠᠵᠠᠷ ᠲᠤᠨᠢ ᠰᠠᠨᠠᠯ ᠢᠶᠠᠨ ᠰᠣᠯᠢᠯᠴᠠᠵᠤ ᠬᠠᠷᠢᠭᠤᠯᠲᠠ ᠥᠭᠪᠡ᠃ | |