| | | ᠦᠪᠡᠷᠳᠡᠭᠡᠨ ᠵᠠᠰᠠᠬᠤ ᠤᠷᠤᠨ ᠤ ᠲᠡᠥᠬᠡ ᠶᠢᠨ ᠲᠤᠷᠠᠰᠬᠠᠯᠳᠦ ᠵᠦᠢᠯᠡᠰ ᠤᠨ ᠲᠤᠪᠴᠢᠶ᠎ᠠ ᠠᠴᠠ | ᠤᠶᠢᠯᠠᠭᠠᠭᠰᠠᠨ ᠢᠶᠠᠷ᠂ ᠮᠠᠨ ᠤ ᠤᠷᠤᠨ ᠲᠦᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠥᠬᠡ ᠶᠢᠨ ᠲᠤᠷᠠᠰᠬᠠᠯᠳᠦ | ᠵᠦᠢᠯᠡᠰ ᠤᠨ ᠨᠡᠶᠢᠳᠡᠮ ᠪᠠᠶᠢᠴᠠᠭᠠᠯᠳᠠ ᠶᠢᠨ ᠡᠯ᠎ᠡ ᠳᠠᠯ᠎ᠠ ᠶᠢᠨ ᠠᠵᠢᠯ ᠢ ᠯᠠᠪᠳᠠᠭᠤᠨ ᠪᠠᠳᠤᠳᠠᠢ ᠠᠬᠢᠭᠤᠯᠵᠤ᠂ | ᠤᠳᠤᠬᠠᠨ ᠪᠤᠯᠳᠠᠯ᠎ᠠ 895 ᠲᠡᠦᠬᠡ ᠶᠢᠨ ᠳᠤᠷᠠᠰᠬᠠᠯᠲᠤ ᠵᠦᠢᠯ ᠢ ᠰᠢᠨ᠎ᠠ ᠪᠠᠷ ᠢᠯᠡᠷᠡᠬᠦᠯᠵᠤ᠂ ᠭᠤᠷᠪᠠᠳᠤᠭᠠᠷ | ᠤᠳᠠᠭ᠎ᠠ ᠶᠢᠨ ᠨᠡᠶᠢᠳᠡᠮ ᠪᠠᠶᠢᠴᠠᠭᠠᠯᠳᠠ ᠶᠢᠨ ᠦᠶ᠎ᠡ ᠶᠢᠨ 17030 ᠲᠡᠦᠬᠡ ᠶᠢᠨ ᠳᠤᠷᠠᠰᠬᠠᠯᠲᠤ ᠵᠦᠢᠯᠡᠰ ᠤᠨ | ᠪᠠᠭᠤᠷᠢ ᠶᠢ ᠬᠢᠨᠠᠨ ᠬᠠᠷᠭᠤᠭᠤᠯᠵᠦ᠂ ᠬᠢᠨᠠᠨ ᠬᠠᠷᠭᠤᠭᠤᠯᠤᠭᠰᠠᠨ ᠨᠣᠷᠮ᠎ᠠ 80.7% ᠳᠤ ᠬᠦᠷᠴᠠᠢ᠃ | ᠤᠶᠢᠯᠠᠭᠠᠭᠰᠠᠨ ᠢᠶᠠᠷ᠂ ᠪᠦᠬᠦ ᠤᠷᠤᠨ ᠠᠴᠠ 53 ᠬᠤᠰᠢᠭᠤ ᠰᠢᠶᠠᠨ ᠲᠣᠭᠤᠷᠢᠭ ᠨᠢᠬᠡᠨᠳᠡ ᠭᠤᠷᠪᠠᠳᠤᠭᠠᠷ | ᠤᠳᠠᠭ᠎ᠠ ᠶᠢᠨ ᠨᠡᠶᠢᠳᠡᠮ ᠪᠠᠶᠢᠴᠠᠭᠠᠯᠳᠠ ᠶᠢᠨ ᠦᠶ᠎ᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢ | ᠪᠦᠬᠦᠨ ᠢ ᠬᠢᠨᠠᠨ ᠬᠠᠷᠭᠤᠭᠤᠯᠵᠦ᠂ ᠢᠯᠡᠳᠲᠡ ᠦᠷ᠎ᠡ ᠪᠦᠲᠦᠭᠡᠯ ᠣᠯᠵᠤ᠂ ᠲᠤᠬᠠᠶ ᠶᠢᠨ ᠭᠠᠵᠠᠷ ᠤᠨ | ᠪᠠᠶᠢᠴᠠᠭᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃ ᠭᠡᠪᠡᠴᠦ ᠠᠵᠢᠯ ᠤᠨ ᠳᠤᠮᠳᠠ ᠪᠠᠰᠠ | ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ ᠲᠡᠩᠴᠡᠭᠦᠷᠢ ᠦᠭᠡᠶ ᠭᠦᠢᠴᠡᠳ ᠦᠭᠡᠶ᠂ ᠣᠷᠣᠨ ᠪᠦᠰᠡ ᠶᠢᠨ | ᠴᠢᠨᠠᠷᠲᠠᠶ ᠪᠦᠬᠦᠯᠢ ᠴᠣᠭᠴᠠ ᠶᠢᠨ ᠬᠠᠮᠠᠭᠠᠯᠠᠯᠲᠠ ᠬᠦᠷᠦᠯᠴᠡᠬᠦ ᠦᠭᠡᠶ᠂ ᠠᠮᠢᠳᠤᠯᠢᠭ ᠠᠰᠢᠭᠯᠠᠬᠤ ᠲᠠᠯ᠎ᠠ ᠪᠠᠷ | ᠳᠤᠳᠠᠮᠠᠭ᠂ ᠲᠤᠰᠬᠠᠶ ᠮᠡᠷᠭᠡᠵᠢᠯ ᠤᠨ ᠬᠦᠴᠦᠨ ᠪᠠᠭᠤᠷᠠᠶ ᠪᠠᠶᠢᠬᠤ ᠵᠡᠷᠭᠡ ᠠᠰᠠᠭᠤᠳᠠᠯ ᠣᠷᠣᠰᠢᠵᠤ ᠪᠤᠢ᠃ ᠡᠬᠦᠨ ᠳᠤ | ᠦᠪᠡᠷᠳᠡᠭᠡᠨ ᠵᠠᠰᠠᠬᠤ ᠤᠷᠤᠨ ᠠᠴᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ | ᠴᠢᠩᠳᠠᠯᠠᠵᠤ᠂ ᠬᠥᠮᠦᠨ ᠤ ᠬᠦᠴᠦ ᠪᠣᠳᠠᠰ ᠤᠨ ᠬᠦᠴᠦ ᠡᠳ᠋ ᠤᠨ ᠬᠦᠴᠦ ᠪᠠᠨ ᠲᠥᠪᠯᠡᠷᠡᠭᠦᠯᠦᠨ ᠳᠥᠷᠪᠡᠳᠦᠭᠡᠷ | ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ | ᠬᠤᠶᠠᠳᠤᠭᠠᠷ ᠱᠠᠲᠤᠨ ᠤ ᠲᠤᠬᠠᠢ ᠶᠢᠨ ᠭᠠᠵᠠᠷ ᠤᠨ ᠪᠠᠶᠢᠴᠠᠭᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠵᠦ᠂ 2025 ᠤᠨ ᠤ 5 ᠰᠠᠷ᠎ᠠ ᠶᠢᠨ ᠰᠡᠭᠦᠯᠴᠢ ᠠᠴᠠ ᠡᠮᠦᠨ᠎ᠡ ᠲᠤᠬᠠᠢ ᠶᠢᠨ ᠭᠠᠵᠠᠷ ᠤᠨ | ᠪᠠᠶᠢᠴᠠᠭᠠᠯᠲᠠ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠶᠢ ᠱᠠᠭᠠᠷᠳᠠᠵᠦ᠂ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠦᠨᠡᠨ ᠪᠣᠳᠠᠲᠠᠶ᠂ ᠣᠨᠣᠪᠴᠢᠲᠠᠶ᠂ ᠨᠠᠶᠢᠳᠠᠪᠤᠷᠢᠲᠠᠶ ᠪᠠᠶᠢᠬᠤ ᠶᠢ ᠦᠨᠡᠨ ᠬᠦ | ᠪᠠᠲᠤᠯᠠᠨ᠂ ᠡᠯ᠎ᠡ ᠱᠠᠲᠤᠨ ᠤ ᠤᠬᠠᠭᠤᠯᠬᠤ ᠰᠠᠯᠠᠭ᠎ᠠ ᠮᠥᠴᠢᠷ ᠤᠳ ᠤᠬᠠᠭᠤᠯᠤᠨ ᠳᠠᠶᠢᠴᠢᠯᠠᠬᠤ ᠪᠠᠨ ᠴᠢᠩᠭᠠᠳᠬᠠᠵᠤ᠂ | ᠲᠤᠬᠠᠶ ᠶᠢᠨ ᠭᠠᠵᠠᠷ ᠤᠨ ᠪᠠᠶᠢᠴᠠᠭᠠᠯᠲᠠ ᠶᠢᠨ ᠠᠵᠢᠯ ᠤᠨ ᠰᠢᠨ᠎ᠡ ᠢᠯᠡᠷᠡᠭᠦᠯᠦᠯᠲᠡ᠂ ᠰᠢᠨ᠎ᠡ ᠦᠷ᠎ᠡ ᠪᠦᠲᠦᠭᠡᠯ ᠢ | ᠴᠠᠭ ᠲᠤᠬᠠᠶ ᠳᠤᠨᠢ ᠮᠡᠳᠡᠭᠡᠯᠡᠵᠦ᠂ ᠨᠡᠶᠢᠳᠡᠮ ᠪᠠᠶᠢᠴᠠᠭᠠᠯᠲᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ | ᠢᠳᠡᠪᠬᠢᠲᠡᠶ ᠪᠠᠷ ᠪᠣᠶ ᠪᠣᠯᠭᠠᠬᠤ ᠶᠢ ᠱᠠᠭᠠᠷᠳᠠᠭᠰᠠᠨ ᠪᠠᠶᠢᠨ᠎ᠠ᠃ | |