ᠰᠤᠮᠤ ᠰᠢᠶᠠᠩ ᠪᠠᠯᠭᠠᠰᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ 570 ᠪᠠᠶᠢᠨ᠎ᠠ
ᠨᠡᠶᠢᠲᠡᠯᠡᠭᠰᠡᠨ ᠴᠠᠭ᠄
2024/11/20
       11 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ᠂ ᠮᠠᠨ ᠤ ᠤᠷᠤᠨ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠵᠦ ᠂ ᠰᠤᠮᠤ ᠰᠢᠶᠠᠩ ᠪᠠᠯᠭᠠᠰᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠨᠡᠶᠢᠲᠡ 570 ᠪᠠᠶᠢᠭᠤᠯᠵᠤ᠂ ᠲᠣᠰᠬᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 6217 ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠪᠴᠢᠶ᠎ᠡ ᠶᠢ ᠨᠡᠩ ᠦᠷᠬᠡᠳᠬᠡᠪᠡ᠃     ᠣᠶᠢᠯᠠᠭᠠᠭᠰᠠᠨ ᠢᠶᠠᠷ᠂ ᠮᠠᠨ ᠤ ᠤᠷᠤᠨ ᠰᠤᠮᠤ ᠰᠢᠶᠠᠩ ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠂ ᠵᠦᠢ ᠵᠣᠬᠢᠰᠲᠠᠢ ᠪᠠᠶᠢᠷᠢᠯᠠᠭᠤᠯᠵᠤ᠂ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠠᠶᠢᠭᠤᠯᠵᠤ᠂ ᠭᠡᠷ ᠪᠦᠯᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠲᠦᠭᠡᠮᠡᠯ ᠬᠠᠷᠠᠭᠠᠯᠵᠠᠯ ᠬᠠᠩᠭᠠᠵᠤ ᠳᠡᠶᠢᠯᠬᠦ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠪᠠ᠃ 
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号