ᠮᠠᠨ ᠤ ᠤᠷᠤᠨ ᠤ 48 ᠰᠣᠷᠣᠭᠴᠢ ᠰᠤᠷᠤᠯᠭ᠎ᠠ ᠶᠢᠨ ᠬᠦᠭᠢᠬᠦᠯᠤᠯ ᠤᠨ ᠮᠥᠩᠭᠦ ᠬᠦᠷᠳᠡᠪᠡ
ᠨᠡᠶᠢᠲᠡᠯᠡᠭᠰᠡᠨ ᠴᠠᠭ᠄
2024/11/20
      ᠲᠦᠷᠦᠭᠦᠬᠡᠨ ᠳᠤ᠂ ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ ︽ᠠᠷᠪᠠᠨ ᠵᠢᠷᠭᠤᠳᠤᠭᠠᠷ ᠬᠤᠭᠤᠴᠠᠭᠠᠨ ᠤ ᠰᠦᠩ ᠴᠢᠩ ᠯᠢᠩ ᠤᠨ ᠰᠤᠷᠤᠯᠭ᠎ᠠ ᠶᠢᠨ ᠬᠦᠭᠢᠬᠦᠯᠤᠯ ᠤᠨ ᠮᠥᠩᠭᠦ ᠬᠦᠷᠳᠡᠭᠰᠡᠳ ᠤᠨ ᠨᠡᠷᠡᠰ︾ ᠢ ᠨᠡᠶᠢᠳᠡᠯᠡᠵᠦ᠂ ᠪᠥᠬᠦ ᠤᠯᠤᠰ ᠤᠨ 1542 ᠰᠣᠷᠣᠭᠴᠢ ︵ᠡᠭᠦᠨ ᠳᠤ ᠮᠠᠨ ᠤ ᠤᠷᠤᠨ ᠤ 48 ᠰᠣᠷᠣᠭᠴᠢ ᠪᠠᠭᠳᠡᠨ᠎ᠠ ︶ ᠲᠤᠰ ᠬᠦᠬᠢᠬᠦᠯᠤᠯ ᠤᠨ ᠮᠦᠩᠬᠦ ᠶᠢ ᠬᠦᠷᠳᠡᠵᠡᠢ᠃     ᠰᠥᠩ ᠴᠢᠩ ᠯᠢᠩ ᠤᠨ ᠰᠤᠷᠤᠯᠭ᠎ᠠ ᠶᠢᠨ ᠬᠦᠭᠢᠬᠦᠯᠤᠯ ᠤᠨ ᠮᠥᠩᠭᠦ ᠶᠢ 1994 ᠣᠨ ᠳᠤ ᠡᠬᠦᠰᠬᠡᠨ ᠪᠠᠶᠢᠭᠤᠯᠵᠤ᠂ ᠳᠤᠮᠳᠠᠳᠤ ᠤᠯᠤᠰ ᠤᠨ ᠰᠥᠩ ᠴᠢᠩ ᠯᠢᠩ ᠤᠨ ᠰᠠᠭᠤᠷᠢ ᠮᠥᠩᠭᠦᠨ ᠤ ᠨᠡᠶᠢᠭᠡᠮᠯᠢᠭ ᠪᠠ ᠰᠤᠷᠭᠠᠨ ᠬᠥᠮᠦᠵᠢᠯ ᠤᠨ ᠶᠠᠮᠤᠨ᠂ ᠳᠤᠮᠳᠠᠳᠤ ᠤᠯᠤᠰ ᠤᠨ ᠠᠰᠠᠷᠠᠮᠵᠢ ᠶᠢᠨ ᠨᠡᠶᠢᠭᠡᠮᠯᠢᠭ ᠠᠴᠠ ᠬᠠᠮᠲᠤᠷᠠᠨ ᠡᠷᠭᠢᠯᠡᠵᠦ᠂ ᠮᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠴᠣᠷ ᠤᠨ ᠭᠠᠭᠴᠠ ᠤᠯᠤᠰ ᠤᠨ ᠲᠠᠰ ᠤᠨ ᠰᠤᠷᠤᠯᠭ᠎ᠠ ᠶᠢᠨ ᠬᠦᠭᠢᠬᠦᠯᠤᠯ ᠤᠨ ᠮᠥᠩᠭᠦ ᠮᠥᠨ᠃ ᠬᠤᠶᠠᠷ ᠵᠢᠯ ᠳᠤ ᠨᠢᠭᠡ ᠤᠳᠠᠭ᠎ᠠ ᠱᠠᠩᠨᠠᠯ ᠰᠢᠯᠭᠠᠷᠠᠭᠤᠯᠵᠤ᠂ ᠦᠵᠡᠯ ᠰᠠᠨᠠᠭ᠎ᠠ ᠶᠣᠰᠣ ᠮᠣᠷᠠᠯ᠂ ᠰᠣᠶᠣᠯ᠂ ᠤᠷᠠᠯᠢᠭ᠂ ᠪᠡᠶ᠎ᠡ ᠶᠢᠨ ᠲᠠᠮᠢᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠲᠠᠯ᠎ᠠ ᠪᠠᠷ ᠰᠢᠯᠢᠳᠡᠭ ᠢᠯᠡᠷᠡᠯ ᠲᠠᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠥᠬᠢᠭᠦᠯᠦᠨ ᠰᠠᠶᠢᠰᠢᠶᠠᠳᠠᠭ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号