ᠪᠤᠯᠭᠠᠨᠬᠤᠸᠠ ᠳᠤᠳᠤᠭᠠᠳᠦ ᠶᠢ ᠬᠠᠮᠠᠭᠠᠯᠠᠬᠤ ᠰᠠᠯᠪᠤᠷᠢ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠬᠢᠵᠦ ᠠᠮᠤᠷ ᠢ ᠬᠠᠮᠠᠭᠠᠯᠠᠬᠤ ᠬᠦᠴᠦᠯᠡᠴᠡ ᠪᠠᠨ ᠴᠢᠩᠭᠠᠷᠠᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/11/25
     11 ᠰᠠᠷ᠎ᠠ ᠶᠢᠨ 15 ᠤ ᠡᠳᠦᠷ᠂ ᠵᠠᠯᠠᠶᠢᠳ ᠬᠤᠰᠢᠭᠤᠨ ᠤ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠪᠤᠯᠭᠠᠨᠬᠤᠸᠠ ᠳᠤᠳᠤᠭᠠᠳᠦ ᠶᠢ ᠬᠠᠮᠠᠭᠠᠯᠠᠬᠤ ᠰᠠᠯᠪᠤᠷᠢ ᠴᠠᠬᠳᠠᠭ᠎ᠠ ᠨᠠᠷ ᠢᠶᠠᠨ ᠵᠤᠬᠢᠶᠠᠨ ᠪᠠᠶᠢᠭᠤᠯᠤᠨ᠂ ᠬᠠᠮᠢᠶᠠᠷᠤᠯᠳᠠ ᠶᠢᠨ ᠤᠷᠤᠨ ᠤ ᠳᠤᠰᠦ ᠨᠡᠮᠡᠬᠦ ᠦᠷᠳᠡᠭᠡ ᠪᠠᠷ ᠰᠦᠷᠳᠡᠬᠦᠯᠤᠯ ᠬᠦᠴᠦᠷᠬᠡᠭᠯᠡᠯ ᠤᠨ ᠶᠠᠯᠠᠲᠤ ᠠᠵᠢᠯᠯᠠᠭ᠎ᠠ ᠡᠬᠦᠰᠬᠦ ᠶᠢ ᠰᠡᠷᠭᠡᠶᠢᠯᠡᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠣᠷᠢᠯᠲᠠ ᠬᠢᠪᠡ᠃     ᠬᠠᠷᠢᠶᠠᠳᠦ ᠤᠷᠤᠨ ᠤ ᠨᠢᠭᠡᠨ ᠳᠤᠰᠦ ᠨᠡᠮᠡᠬᠦ ᠦᠷᠳᠡᠭᠡ ᠪᠠᠷ ᠰᠤᠷᠢᠯᠳᠠ ᠶᠢᠨ ᠲᠠᠯᠠᠪᠤᠷ ᠪᠤᠯᠭᠠᠵᠦ᠂ ᠬᠠᠤᠯᠢ ᠪᠤᠰᠦ ᠡᠳᠡᠭᠡᠳ ᠳᠤᠰᠦ ᠨᠡᠮᠡᠬᠦ ᠦᠷᠳᠡᠭᠡ ᠶᠢᠨ ᠠᠵᠢᠯᠳᠡᠳ ᠢ ᠵᠤᠳᠤᠵᠦ᠂ ᠳᠤᠨᠤᠬ ᠲᠦᠬᠦᠭᠡᠷᠤᠮᠵᠢ ᠶᠢ ᠪᠠᠯᠪᠠᠴᠢᠵᠦ ᠪᠠᠶᠢᠬᠤ ᠪᠠᠷ ᠵᠢᠱᠢᠭᠰᠡᠨ ᠪᠠᠶᠢᠯ᠎ᠠ᠃ ᠳᠤᠳᠤᠭᠠᠳᠦ ᠶᠢ ᠬᠠᠮᠠᠭᠠᠯᠠᠬᠤ ᠴᠠᠭᠳᠠᠭ᠎ᠠ ᠭᠡᠷᠡᠭ ᠤᠨ ᠮᠡᠳᠡᠬᠦᠯᠤᠯᠳᠠ ᠶᠢ ᠤᠯᠤᠮᠠᠬᠴᠠ ᠳᠤᠬᠠᠢ ᠶᠢᠨ ᠳᠠᠯᠠᠪᠤᠷ ᠢᠶᠠᠷ ᠠᠮᠤᠷ ᠲᠦᠪᠰᠢᠨ ᠤ ᠬᠠᠮᠠᠭᠠᠯᠠᠯᠳᠠ ᠶᠢᠨ ᠱᠤᠭᠤᠮ ᠳᠠᠳᠠᠵᠦ᠂ ᠤᠯᠠᠨ ᠲᠦᠮᠡᠨ ᠢ ᠳᠠᠷᠬᠠᠭᠠᠵᠦ᠂ ᠳᠤᠬᠠᠢ ᠶᠢᠨ ᠳᠠᠯᠠᠪᠤᠷ ᠤᠨ ᠨᠠᠷᠢᠨ ᠪᠠᠶᠢᠳᠡᠯ ᠢ ᠬᠠᠮᠢᠶ᠎ᠠ ᠪᠦᠬᠦᠢ ᠬᠦᠮᠦᠰ ᠠᠴᠠ ᠤᠶᠢᠯᠠᠭᠠᠨ᠂ ᠠᠵᠢᠯᠯᠠᠭᠠᠨ ᠤ ᠲᠦᠰᠦᠪ ᠳᠤᠬᠳᠠᠭᠠᠵᠠᠢ᠃ ᠲᠡᠳᠡ ᠤᠨᠢᠨ ᠳᠡᠭᠡᠷ᠎ᠡ ᠨᠢ ᠰᠤᠳᠤᠯᠤᠨ ᠮᠠᠭᠠᠳᠯᠠᠵᠦ ᠵᠢᠯᠣᠭᠤᠳᠴᠤ᠂ ᠬᠦᠴᠦᠷᠭᠡᠭᠯᠡᠯ ᠶᠠᠪᠤᠭᠤᠯᠵᠦ ᠪᠠᠶᠢᠭ᠎ᠠ ᠡᠲᠡᠭᠡᠳ ᠢ ᠡᠴᠦᠰ ᠲᠡᠭᠡᠨ ᠪᠠᠷᠢᠪᠴᠢᠯᠠᠵᠦ᠂ ᠳᠤᠰᠦ ᠨᠡᠮᠡᠬᠦ ᠦᠷᠳᠡᠭᠡ ᠶᠢᠨ ᠭᠡᠪ ᠤᠨ ᠠᠵᠢᠯᠯᠠᠭ᠎ᠠ ᠶᠢ ᠰᠡᠷᠬᠦᠭᠡᠵᠠᠢ᠃     ᠪᠤᠯᠭᠠᠨᠬᠤᠸᠠ ᠳᠣᠲᠣᠭᠠᠳᠤ ᠶᠢ ᠬᠠᠮᠠᠭᠠᠯᠠᠬᠤ ᠰᠠᠯᠪᠤᠷᠢ ᠶᠢᠨ ᠠᠷᠠᠳ ᠤᠨ ᠴᠠᠭᠳᠠᠭ᠎ᠠ ᠲᠤᠰ ᠤᠳᠠᠭᠠᠨ ᠤ ᠰᠣᠷᠢᠯᠲᠠ ᠳᠤ ᠳ᠋ᠦᠩᠨᠡᠯᠲᠡ ᠪᠠ ᠦᠨᠡᠯᠡᠯᠲᠡ ᠬᠢᠭᠰᠡᠨ ᠪᠥᠭᠡᠳ ᠲᠣᠰᠣ ᠨᠡᠮᠡᠬᠦ ᠥᠷᠲᠡᠭᠡᠨ ᠤ ᠠᠵᠢᠯᠲᠠᠳ ᠲᠤ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠮᠡᠳᠡᠯᠭᠡ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠤᠷ᠎ᠠ ᠮᠡᠷᠭᠡᠵᠢᠯ ᠢ ᠲᠠᠶᠢᠯᠪᠤᠷᠢᠯᠠᠨ ᠥᠭᠴᠦ᠂ ᠲᠡᠳᠡᠨᠠᠷ ᠤᠨ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号