ᠠᠯᠲᠠᠷᠲᠤ ᠰᠤᠮᠤ ᠮᠢᠠᠬᠨ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/11/25
     ᠵᠠᠯᠠᠶᠢᠳ ᠬᠤᠰᠢᠭᠤᠨ ᠤ ᠠᠯᠳᠠᠷᠳᠤ ᠰᠤᠮᠤ ᠮᠢᠠᠬᠨ ᠦᠬᠡᠷ ᠤᠨ ᠠᠵᠤ ᠤᠶᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠶᠢᠨ ᠲᠥᠯᠥᠭᠡ᠂ ᠠᠯᠳᠠᠷᠳᠤ ᠰᠤᠮᠤ ᠶᠢᠨ ᠠᠯᠳᠠᠷᠳᠤ ᠭᠠᠴᠠᠭᠠᠨ ᠤ ᠬᠠᠪᠰᠤᠷᠤᠨ ᠲᠡᠳᠬᠦᠬᠦ ᠨᠢᠭᠡᠴᠢ ᠪᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠪᠰᠤᠷᠤᠯᠭ᠎ᠠ ᠳᠣᠤᠷ᠎ᠠ᠂ 11 ᠰᠠᠷ᠎ᠠ ᠶᠢᠨ 18 ᠤ ᠡᠳᠦᠷ ᠠᠴᠠ 22 ᠤᠨ ᠡᠳᠦᠷ ᠪᠣᠯᠲᠠᠯ᠎ᠠ᠂ ᠠᠯᠳᠠᠷᠳᠤ ᠰᠤᠮᠤ  ᠮᠢᠠᠬᠨ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠡᠯ᠎ᠡ ᠭᠠᠴᠠᠭᠠᠨ ᠤ ᠬᠤᠶᠠᠷ ᠵᠥᠪᠯᠡᠯ ᠤᠨ ᠭᠡᠰᠢᠭᠦᠨ᠂ ᠲᠡᠵᠢᠭᠡᠨ ᠦᠷᠡᠵᠢᠭᠦᠯᠬᠦ ᠲᠣᠮᠣ ᠡᠷᠦᠬᠡ ᠵᠡᠷᠭᠡ ᠨᠡᠶᠢᠲᠡ 40 ᠬᠥᠮᠦᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃    ᠲᠤᠰ ᠪᠣᠯᠪᠠᠰᠤᠷᠠᠯ ᠤᠨ ᠠᠩᠭᠢ ᠳᠥᠷᠪᠡᠨ ᠡᠳᠦᠷ ᠶᠠᠪᠤᠭᠳᠠᠵᠤ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠪᠠᠭᠰᠢ ᠶᠢ ᠤᠷᠢᠵᠤ ᠬᠢᠴᠢᠶᠠᠯ ᠲᠠᠶᠢᠯᠪᠤᠷᠢᠯᠠᠭᠤᠯᠵᠠᠢ᠃ ᠬᠢᠴᠢᠶᠡᠯ ᠤᠨ ᠠᠭᠤᠯᠭ᠎ᠠ ᠳᠤ ᠦᠬᠡᠷ ᠤᠨ ᠲᠥᠷᠥᠯ ᠵᠦᠢᠯ ᠤᠨ ᠰᠣᠩᠭᠤᠯᠲᠠ᠂ ᠠᠷᠠᠴᠢᠯᠠᠨ ᠬᠠᠮᠢᠶᠠᠷᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ  ᠪᠠᠶᠠᠯᠢᠭ ᠠᠭᠤᠯᠭ᠎ᠠ ᠶᠢ ᠲᠤᠬᠢᠷᠠᠭᠤᠯᠪᠠ᠃ 
 
ᠢᠷᠡᠯᠲᠡ᠄ ᠠᠯᠲᠠᠷᠲᠤ ᠰᠤᠮᠤ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号