| ᠵᠠᠯᠠᠶᠢᠳ ᠬᠤᠰᠢᠭᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠰᠡᠳᠬᠢᠯ ᠨᠢᠭᠡᠳᠤᠨ᠂ ᠨᠢᠭᠡ ᠭᠡᠷ ᠤᠨ | ᠬᠥᠮᠦᠨ ᠮᠡᠲᠦ ᠳᠣᠲᠣᠨᠣ ᠠᠮᠢᠳᠤᠷᠠᠵᠦ ᠪᠤᠢ᠃ ᠵᠢᠯ ᠤᠨ ᠡᠬᠢᠨ ᠠᠴᠠ ᠨᠠᠭᠠᠰᠢ᠂ ᠵᠠᠯᠠᠶᠢᠳ ᠬᠤᠰᠢᠭᠤ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ 265 ᠤᠳᠠᠭ᠎ᠠ ᠥᠷᠨᠢᠭᠦᠯᠵᠦ᠂ ᠤᠬᠠᠭᠤᠯᠭ᠎ᠠ ᠬᠥᠮᠦᠵᠢᠯ ᠤᠨ | ᠠᠵᠢᠯᠯᠠᠭ᠎ᠠ ᠶᠢ 120 ᠭᠠᠷᠤᠶ ᠤᠳᠠᠭ᠎ᠠ ᠥᠷᠨᠢᠭᠦᠯᠵᠦ᠂ 1100 ᠭᠠᠷᠤᠶ ᠬᠦᠮᠦᠨ ᠢ ᠰᠢᠭᠤᠳ ᠪᠤᠶᠤ ᠳᠠᠮ ᠢᠶᠠᠷ | ᠬᠠᠪᠰᠤᠷᠤᠨ ᠲᠡᠳᠬᠦᠵᠦ᠂ ᠬᠢᠩᠭᠠᠨ ᠠᠶᠢᠮᠠᠭ ᠤᠨ ᠨᠡᠶᠢᠭᠡᠮ ᠤᠨ ᠬᠤᠯᠪᠣᠭᠠᠯᠠᠨ ᠬᠥᠳᠡᠯᠦᠯᠴᠡᠬᠦ ᠲᠠᠪᠴᠠᠩ ᠢ ᠠᠰᠢᠬᠯᠠᠨ | ᠣᠯᠠᠨ ᠲᠦᠮᠡᠨ ᠤ ᠳᠡᠭᠡᠭᠰᠢ ᠮᠡᠳᠡᠭᠦᠯᠦᠭᠰᠡᠨ ᠬᠡᠷᠡᠭ ᠶᠠᠪᠤᠳᠠᠯ ᠢ 4800 ᠭᠠᠷᠤᠶ ᠰᠢᠢᠳᠪᠦᠷᠢᠯᠡᠭᠰᠡᠨ ᠪᠠᠶᠢᠨ᠎ᠠ᠃ | ᠵᠠᠯᠠᠶᠢᠳ ᠬᠤᠰᠢᠭᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠭᠢᠯ ᠨᠢᠭᠡᠳᠦᠨ ︽ᠠᠨᠠᠷ ᠤᠨ ᠦᠷ᠎ᠡ︾ | ᠶᠢᠨ ᠬᠡᠷ ᠣᠷᠣᠨ ᠢ ᠬᠠᠮᠲᠤ ᠪᠠᠷ ᠪᠠᠶᠢᠭᠤᠯᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠬᠠᠮᠲᠤᠪᠠᠷ ᠰᠠᠭᠤᠵᠤ ᠬᠠᠮᠲᠤᠪᠠᠷ ᠰᠤᠷᠤᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠬᠠᠮᠲᠤᠪᠠᠷ | ᠠᠵᠢᠯᠯᠠᠵᠤ ᠬᠠᠮᠲᠤᠪᠠᠷ ᠴᠡᠩᠭᠡᠯᠳᠦᠬᠦ ᠡᠶ᠎ᠡ ᠵᠣᠬᠢᠴᠠᠯᠳᠦ ᠪᠠᠶᠢᠳᠡᠯ ᠢ ᠲᠠᠰᠤᠷᠠᠯᠲᠠ ᠥᠬᠡᠶ ᠡᠭᠦᠳᠴᠠᠢ᠃ | ︽ᠣᠯᠠᠨ ᠢᠶᠠᠷ ᠢᠶᠠᠨ ᠠᠭᠤᠳᠠᠮ ᠲᠠᠯᠠᠪᠠᠶ ᠳᠤ ᠳᠠᠭᠤᠯᠠᠨ ᠪᠦᠵᠢᠭᠯᠡᠵᠦ᠂ ᠦᠨᠳᠦᠰᠦᠳᠡᠨ ᠨᠦᠭᠦᠳ ᠤᠨ ᠰᠤᠶᠤᠯ | ᠤᠷᠠᠯᠢᠬ ᠢ ᠰᠤᠨᠢᠷᠬᠠᠭᠠᠳ ᠠᠮᠢᠳᠤᠷᠠᠯ ᠮᠠᠰᠢ ᠪᠠᠶᠠᠷ ᠴᠠᠩᠭᠡᠯ ᠲᠠᠢ ᠪᠠᠶᠢᠨ᠎ᠠ᠃ ᠤᠳᠤ ᠬᠥᠷᠰᠢ ᠵᠡᠷᠭᠡᠯᠡᠳᠡᠭᠡ ᠪᠠᠷ ᠢᠶᠠᠨ | ᠨᠡᠩ ᠡᠶ᠎ᠡ ᠵᠣᠬᠢᠴᠠᠯ ᠲᠠᠢ᠂ ᠨᠡᠩ ᠨᠥᠬᠦᠷᠰᠡᠭ ᠨᠡᠩ ᠪᠦᠯᠬᠦᠮᠳᠡᠯ ᠲᠠᠢ ᠪᠣᠯᠵᠤ᠂ ᠵᠥᠷᠢᠴᠡᠯ ᠵᠢᠭᠤᠷᠠᠯᠳᠤᠭᠠᠨ ᠴᠤ | ᠶᠠᠪᠤᠬᠤ ᠲᠤᠲᠤᠮ ᠴᠥᠭᠡᠷᠡᠵᠦ ᠪᠠᠶᠢᠨ᠎ᠠ︾ ᠭᠡᠵᠦ ᠪᠠᠶᠠᠨᠵᠢᠯᠠᠭ᠎ᠠ ᠰᠢᠶᠠᠩ ᠤᠨ ᠬᠤᠩ ᠹᠠ ᠲᠣᠰᠬᠤᠨ ᠤ ᠠᠨᠠᠷ ᠤᠨ | ᠦᠷ᠎ᠡ ᠶᠢᠨ ᠰᠤᠶᠤᠯ ᠤᠷᠠᠯᠢᠭ ᠤᠨ ᠠᠩᠬᠢ ᠶᠢᠨ ᠳᠠᠷᠤᠭ᠎ᠠ ᠦ᠋ ᠶᠢᠨ ᠲᠤᠤ ᠲᠠᠨᠢᠯᠴᠠᠭᠤᠯᠤᠯ᠎ᠠ᠃ | ᠪᠠᠶᠠᠨᠵᠢᠯᠠᠭ᠎ᠠ ᠰᠢᠶᠠᠩ ᠤᠨ ᠬᠤᠩ ᠹᠠ ᠲᠣᠰᠬᠤᠨ ᠤ 2000 ᠲᠡᠭᠰᠢ ᠳᠥᠷᠪᠡᠯᠵᠢᠨ ᠮᠧᠲᠷ ᠪᠦᠬᠦᠢ ᠤᠯᠠᠨ | ᠲᠦᠮᠡᠨ ᠤ ᠰᠣᠶᠣᠯ ᠤᠨ ᠠᠭᠤᠳᠠᠮ ᠲᠠᠯᠠᠪᠠᠢ ᠨᠢ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠪᠠᠩᠬᠢ ᠶᠢᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠠᠴᠠ ᠬᠠᠪᠰᠤᠷᠤᠨ ᠪᠠᠶᠢᠭᠤᠯᠵᠦ | ᠦᠭᠬᠦᠭᠰᠡᠨ ᠲᠦᠷᠦᠯ ᠵᠦᠢᠯ ᠪᠤᠯᠤᠨ᠎ᠠ᠃ ᠡᠨᠡ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠤᠷ᠎ᠠ | ᠠᠪᠢᠶᠠᠰ ᠢᠶᠠᠨ ᠪᠠᠳᠠᠷᠠᠭᠤᠯᠬᠤ ᠳᠠᠪᠴᠠᠩ ᠬᠠᠨᠭ᠍ᠭᠠᠵᠦ᠂ ᠳᠤᠰᠬᠤᠨ ᠤ ᠠᠷᠠᠳ ᠤᠨ ᠰᠣᠶᠣᠯ ᠤᠨ ᠠᠮᠢᠳᠤᠷᠠᠯ ᠢ | ᠲᠠᠰᠤᠷᠠᠯᠳᠡ ᠦᠭᠡᠢ ᠪᠠᠶᠠᠯᠢᠭᠵᠢᠭᠤᠯᠵᠠᠢ᠃ ᠬᠤᠩ ᠹᠠ ᠲᠣᠰᠬᠤᠨ ᠤ ︽ᠬᠤᠶᠠᠷ ᠵᠥᠪᠯᠡᠯ︾ ᠪᠣᠯᠤᠨ ᠳᠤᠮᠳᠠᠳᠤ | ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠪᠢᠶᠠᠷᠢ ᠪᠠᠩᠬᠢ ᠶᠢᠨ ᠴᠢᠷᠮᠠᠶᠢᠯᠭ᠎ᠠ ᠪᠠᠷ᠂ ᠵᠠᠮ ᠤᠨ ᠳ᠋ᠧᠩ ᠢ 300 ᠤᠭᠰᠠᠷᠠᠵᠤ᠂ ᠰᠢᠨ ᠯᠢ ᠳᠦᠨ ᠲᠣᠰᠬᠤᠨ ᠤ | 2.5 ᠺᠢᠯᠣᠮᠧᠲᠷ ᠵᠠᠮ ᠢ ᠬᠠᠳᠠᠭᠤᠷᠠᠭᠤᠯᠤᠨ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠰᠠᠶᠢᠵᠢᠷᠠᠭᠤᠯᠵᠤ᠂ | ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯᠳᠦ | ᠲᠥᠷᠥᠭᠳᠡᠯ ᠢ ᠬᠦᠴᠦᠯᠡᠨ ᠳᠡᠭᠡᠭᠰᠢᠯᠡᠭᠦᠯᠪᠡ᠃ | ᠳᠤᠰᠬᠤᠨ ᠤ ᠵᠠᠮ ᠭᠤᠳᠤᠮᠵᠢ ᠴᠡᠪᠡᠷ ᠴᠡᠮᠴᠡᠭᠡᠷ ᠪᠤᠯᠵᠦ᠂ ᠬᠦᠷᠢᠶ᠎ᠠ ᠬᠠᠷᠢᠶᠠᠨ ᠤ ᠠᠵᠤ ᠠᠬᠤᠶ ᠥᠷᠨᠢᠨ | ᠬᠥᠭᠵᠢᠪᠡ᠃ ᠬᠤᠩ ᠹᠠ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠾᠧᠦ ᠬᠦᠢ ᠶᠠᠨ | ᠬᠦᠭᠰᠢᠨ ᠲᠠᠢ ᠪᠠᠨ ᠬᠤᠶᠠᠭᠤᠯᠠ ᠨᠠᠰᠦ ᠠᠬᠢᠬᠰᠠᠨ ᠠᠴᠠ ᠤᠷᠤᠯᠭ᠎ᠠ ᠨᠢ ᠪᠠᠷᠤᠬᠳᠠᠢ ᠪᠠᠶᠢᠯ᠎ᠠ᠃ ᠳᠤᠰᠬᠤᠨ ᠤ ︽ | ᠬᠤᠶᠠᠷ ᠵᠥᠪᠯᠡᠯ︾ ᠪᠣᠳᠠᠲᠠᠶ ᠪᠠᠶᠢᠳᠠᠯ ᠢ ᠣᠶᠢᠯᠠᠭᠠᠭᠰᠠᠨ ᠤ ᠲᠠᠷᠠᠭ᠎ᠠ᠂ ᠪᠠᠶᠢᠳᠡᠯ ᠳᠤᠨᠢ ᠳᠤᠬᠢᠷᠠᠭᠤᠯᠤᠨ | ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠪᠤᠳᠤᠯᠭ᠎ᠠ ᠭᠠᠷᠭᠠᠨ ᠦᠭᠴᠦ᠂ ᠬᠦᠷᠢᠶ᠎ᠠ ᠬᠠᠰᠢᠶᠠᠨ ᠳᠠᠭᠠᠨ ᠰᠢᠷ᠎ᠠ ᠪᠤᠷᠴᠠᠭ | ᠲᠠᠷᠢᠬᠤ ᠶᠢ ᠵᠣᠷᠢᠭᠵᠢᠭᠤᠯᠪᠠ᠂ ᠨᠠᠮᠤᠷ ᠤᠨ ᠬᠤᠷᠢᠶᠠᠯᠳᠠ ᠶᠢᠨ ᠦᠶ᠎ᠠ ᠪᠠᠷ ᠳᠡᠳᠡᠨᠡᠶᠢᠬᠢᠨ ᠤ ᠰᠢᠷ᠎ᠠ ᠪᠤᠷᠴᠠᠬ ᠤᠨ ᠮᠦ | ᠪᠦᠷᠢ ᠶᠢᠨ ᠤᠨᠠᠯᠲᠠ ᠨᠢ 450 ᠵᠢᠩ ᠳᠤ ᠬᠦᠷᠴᠦ᠂ ᠣᠷᠣᠯᠭ᠎ᠠ ᠨᠢ 2600 ᠲᠥᠭᠦᠷᠢᠭ ᠨᠡᠮᠡᠭᠳᠡᠭᠰᠡᠨ ᠪᠠᠶᠢᠨ᠎ᠠ᠃ | ︽ᠡᠨᠡ ᠵᠢᠯ ᠲᠣᠰᠬᠤᠨ ᠤ ᠺᠠᠳ᠋ᠷ ᠤᠨ ᠲᠡᠮᠵᠢᠯᠬᠡ ᠲᠤᠤᠷ᠎ᠠ᠂ ᠮᠠᠨᠠᠶᠢᠬᠢᠨ 2 ᠮᠤ᠋ ᠰᠢᠷ᠎ᠠ ᠪᠤᠷᠴᠠᠭ ᠳᠠᠷᠢᠵᠦ᠂ | ᠠᠮᠢᠳᠤᠷᠠᠯ ᠤᠨ ᠰᠤᠯᠠ ᠵᠠᠷᠤᠳᠠᠯ ᠢᠶᠠᠨ ᠨᠡᠮᠡᠭᠳᠡᠬᠦᠯᠤᠯ᠎ᠠ︾ ᠭᠡᠵᠦ ᠾᠧᠦ ᠬᠦᠢ ᠶᠠᠨ ᠨᠠᠰᠤᠳᠠᠨ ᠪᠠᠶᠠᠷᠳᠠᠶᠢᠬᠠᠨ | ᠶᠠᠷᠢᠨ᠎ᠠ᠃ | ᠬᠤᠨᠭ᠌ ᠹᠠ ᠳᠤᠰᠬᠤᠨ ᠶᠠᠳᠠᠭᠤ ᠠᠴᠠ ᠠᠩᠭᠢᠵᠢᠷᠠᠭᠰᠠᠨ 12 ᠡᠷᠦᠬᠡ ᠶᠢ ᠬᠦᠳᠦᠯᠦᠨ ᠵᠢᠯᠣᠭᠤᠳᠴᠤ ᠬᠦᠷᠢᠶ᠎ᠠ | ᠬᠠᠰᠢᠶᠠᠨ ᠤ ᠠᠵᠤ ᠠᠬᠤᠢ ᠶᠢ ᠬᠥᠭᠵᠢᠭᠦᠯᠵᠦ ᠣᠷᠣᠯᠭ᠎ᠠ ᠶᠢ ᠨᠢ ᠨᠡᠮᠡᠭᠳᠡᠭᠦᠯᠦᠭᠰᠡᠨ ᠪᠦᠬᠡᠳ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠵᠦ᠂ ᠦᠨᠳᠦᠰᠦᠲᠡᠨ ᠤ | ᠪᠦᠯᠬᠦᠮᠳᠡᠯ ᠳᠠᠪᠰᠢᠯᠳᠠ ᠪᠣᠯᠤᠨ ᠪᠠᠶᠠᠵᠢᠨ ᠴᠢᠨᠡᠭᠡᠯᠢᠭᠵᠢᠬᠦ ᠶᠢ ᠵᠡᠷᠭᠡᠪᠡᠷ ᠠᠬᠢᠭᠤᠯᠤᠨ᠂ ᠬᠤᠩ ᠹᠠ ᠲᠣᠰᠬᠤᠨ ᠤ | ᠲᠦᠮᠡᠨ ᠮᠦ ᠲᠠᠷᠢᠶ᠎ᠠ ᠶᠢ ︽ᠰᠠᠶᠢᠨ ᠲᠠᠷᠢᠶ᠎ᠠ︾ ᠪᠣᠯᠭᠠᠨ ᠬᠤᠪᠢᠷᠠᠭᠤᠯᠪᠠ᠃ | ︽ᠪᠢᠳᠠ ᠠᠵᠤ ᠦᠢᠯᠡᠰ ᠢ ᠬᠥᠭᠵᠢᠭᠦᠯᠬᠦ᠂ ᠮᠥᠩᠭᠦᠨ ᠭᠦᠢᠯᠭᠡᠭᠡᠨ ᠢᠶᠠᠷ ᠦᠢᠯᠡᠴᠢᠯᠡᠬᠦ᠂ ᠰᠠᠭᠤᠷᠢ | ᠲᠥᠬᠦᠭᠡᠷᠦᠮᠵᠢ ᠶᠢ ᠪᠦᠷᠢᠨᠰᠢᠭᠦᠯᠬᠦ᠂ ᠰᠣᠶᠣᠯ ᠪᠡᠶ᠎ᠡ ᠲᠠᠮᠢᠷ ᠤᠨ ᠠᠵᠢᠯᠯᠠᠭ᠎ᠠ ᠦᠷᠨᠢᠬᠦᠯᠭᠦ ᠵᠡᠷᠭᠡ ᠲᠠᠯ᠎ᠠ ᠪᠠᠷ | ᠬᠦᠴᠦᠯᠡᠵᠦ᠂ ᠲᠣᠰᠬᠤᠨ ᠤ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠦ᠂ | ᠦᠨᠳᠦᠰᠦᠲᠡᠨ ᠨᠦᠭᠦᠳ ᠤᠨ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠶᠢ ᠠᠯᠬᠤᠮ | ᠠᠯᠬᠤᠮ ᠢᠶᠠᠷ ᠪᠡᠶᠡᠯᠡᠭᠦᠯᠦᠯᠠ︾ ᠭᠡᠵᠦ ᠬᠤᠩ ᠹᠠ ᠲᠣᠰᠬᠤᠨ ᠤ ᠨᠠᠮ ᠤᠨ ᠡᠭᠦᠷ ᠤᠨ ᠱᠦᠵᠢ ᠸᠠᠩ ᠹᠧᠩ ᠴᠢᠤᠸᠠᠨ | ᠶᠠᠷᠢᠯ᠎ᠠ᠃ | ᠲᠣᠰᠬᠤᠨ ᠤ ᠤᠨᠴᠠᠯᠢᠭᠳᠤ ᠠᠵᠤ ᠦᠢᠯᠡᠰ ᠢ ᠥᠷᠨᠢᠭᠦᠨ ᠬᠦᠭᠵᠢᠭᠦᠯᠵᠦ᠂ ᠨᠡᠶᠢᠭᠡᠮ ᠲᠣᠭᠤᠷᠢᠭ ᠤᠨ | ᠤᠶᠤᠨ ᠤ ᠪᠣᠯᠪᠠᠰᠤᠨ ᠤ ᠪᠠᠶᠢᠭᠤᠯᠤᠯᠳᠠ ᠶᠢ ᠠᠬᠢᠭᠤᠯᠪᠠ᠃ ᠤᠶᠢᠷ᠎ᠠ ᠶᠢᠨ ᠡᠳᠦᠷ᠂ ᠬᠤᠰᠢᠭᠤᠨ ᠤ | ᠤᠯᠠᠭᠠᠨᠮᠥ᠋ᠴᠢᠷ ᠤᠨ ᠭᠡᠰᠢᠬᠦᠳ ᠵᠠᠯᠠᠶᠢᠳ ᠬᠤᠰᠢᠭᠤᠨ ᠤ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ | ᠲᠥᠪ ᠤᠨ ᠲᠦᠩ ᠬᠠᠶ ᠯᠦ ᠨᠡᠶᠢᠭᠡᠮ ᠲᠣᠭᠤᠷᠢᠭ ᠢᠶᠠᠷ ᠳᠠᠭᠤᠤ ᠪᠦᠵᠢᠭ᠂ ᠦᠯᠢᠭᠡᠷ ᠬᠤᠯᠪᠤᠭ᠎ᠠ ᠵᠡᠷᠭᠡ ᠤᠷᠠᠨ | ᠰᠠᠶᠢᠬᠠᠨ ᠤ ᠲᠣᠭᠯᠠᠯᠲᠠ ᠭᠠᠷᠭᠠᠨ᠂ ᠰᠠᠭᠤᠭᠠᠯᠢ ᠠᠷᠠᠳ ᠤᠨ ᠳᠤᠷ᠎ᠠ ᠰᠤᠨᠢᠷᠬᠠᠯ ᠢ ᠳᠠᠳᠠᠵᠦ ᠪᠠᠶᠢᠯ᠎ᠠ᠃ | ᠲᠣᠭᠯᠠᠯᠲᠠ ᠶᠢᠨ ᠳᠠᠷᠠᠭ᠎ᠠ᠂ ᠵᠠᠯᠠᠶᠢᠳ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯᠲᠠᠳ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠭᠠᠷ ᠳᠡᠪᠲᠡᠷ ᠢ ᠰᠠᠭᠤᠭᠠᠯᠢ ᠠᠷᠠᠳ ᠲᠤ ᠲᠠᠷᠬᠠᠭᠠᠵᠤ᠂ | ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠳᠤ ᠦᠷᠬᠦᠯᠵᠢ ᠳᠤᠬᠢᠶᠠᠯᠳᠤᠬᠤ ᠬᠠᠤᠯᠢ ᠴᠠᠭᠠᠵᠠ ᠶᠢᠨ | ᠠᠰᠠᠭᠤᠳᠠᠯ ᠳᠤ ᠬᠠᠷᠢᠭᠤᠯᠳᠠ ᠦᠭᠴᠦ᠂ ᠪᠥᠬᠦ ᠠᠷᠠᠳ ᠤᠨ ᠬᠠᠤᠯᠢ ᠶᠢ ᠵᠢᠷᠤᠮᠯᠠᠬᠤ᠂ ᠬᠠᠤᠯᠢ ᠶᠢ ᠰᠤᠷᠤᠯᠴᠠᠬᠤ᠂ | ᠬᠠᠤᠯᠢ ᠶᠢ ᠬᠡᠷᠡᠭᠯᠡᠬᠦ᠂ ᠬᠠᠤᠯᠢ ᠶᠢ ᠰᠠᠬᠢᠬᠤ ᠤᠬᠠᠮᠰᠠᠷ ᠢ ᠳᠡᠭᠡᠭᠰᠢᠯᠡᠭᠦᠯᠪᠡ᠃ | ︽ᠪᠢᠳᠡ ᠨᠡᠶᠢᠭᠡᠮ ᠲᠣᠭᠤᠷᠢᠭ ᠤᠨ ᠡᠯ᠎ᠠ ᠵᠦᠢᠯ ᠤᠨ ᠠᠵᠢᠯᠯᠠᠭ᠎ᠠ ᠳᠤ ᠢᠳᠡᠪᠬᠢᠲᠡᠶ ᠣᠷᠣᠯᠴᠠᠵᠦ᠂ ᠬᠤᠪᠢ | ᠬᠦᠮᠦᠨ ᠤ ᠠᠰᠢᠬ ᠳᠤᠰᠠ ᠲᠠᠢ ᠬᠤᠯᠪᠤᠬᠳᠠᠬᠰᠠᠨ ᠮᠡᠳᠡᠯᠭᠡ ᠶᠢ ᠡᠵᠡᠮᠰᠢᠭᠰᠡᠨ ᠮᠥᠷᠲᠡᠭᠡᠨ ᠰᠡᠳᠬᠢᠯ ᠰᠠᠨᠠᠭ᠎ᠠ ᠪᠠᠨ | ᠠᠭᠤᠵᠢᠷᠠᠭᠤᠯᠵᠠᠢ︾ ᠭᠡᠵᠦ ᠲᠦᠡᠭ ᠬᠠᠢ ᠯᠤ᠋ ᠨᠡᠶᠢᠭᠡᠮ ᠳᠤᠭᠤᠷᠢᠬ ᠤᠨ ᠰᠠᠭᠤᠭᠠᠯᠢ ᠠᠷᠠᠳ ᠦ᠋ ᠬᠦᠢ ᠬᠤᠸᠠᠨ | ᠶᠠᠷᠢᠵᠦ ᠪᠠᠶᠢᠯ᠎ᠠ᠃ | ᠲᠦᠡᠭ ᠬᠠᠢ ᠯᠤ᠋ ᠨᠡᠶᠢᠭᠡᠮ ᠲᠣᠭᠤᠷᠢᠭ ᠤᠨ ᠬᠠᠷᠢᠶᠠᠲᠤ ᠤᠷᠤᠨ ᠳᠤ ᠮᠣᠩᠭᠤᠯ ᠦᠨᠳᠦᠰᠦᠲᠡᠨ᠂ ᠮᠠᠨᠵᠤ | ᠦᠨᠳᠦᠰᠦᠲᠡᠨ᠂ ᠰᠣᠯᠣᠩᠭᠤᠰ ᠦᠨᠳᠦᠰᠦᠲᠡᠨ ᠵᠡᠷᠭᠡ ᠴᠥᠭᠡᠨ ᠲᠣᠭᠠᠲᠤ ᠦᠨᠳᠦᠰᠦᠲᠡᠨ ᠤ ᠰᠠᠭᠤᠭᠠᠯᠢ ᠠᠷᠠᠳ | ᠰᠠᠭᠤᠷᠢᠰᠢᠵᠤ ᠪᠣᠶ᠂ ᠲᠤᠰ ᠨᠡᠶᠢᠭᠡᠮ ᠳᠤᠭᠤᠷᠢᠬ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠦ ᠴᠤᠬᠴᠠᠯᠠᠬᠤ ᠠᠵᠢᠯ ᠳᠤ ᠰᠠᠭᠤᠷᠢᠯᠠᠨ᠂ ᠦᠨᠳᠦᠰᠦᠲᠡᠨ ᠤ ᠠᠵᠢᠯ ᠢ ᠢᠮᠠᠭᠲᠠ ᠴᠢᠩᠭ᠎ᠠ | ᠠᠳᠬᠤᠵᠤ᠂ ︽ᠦᠨᠳᠦᠰᠦᠲᠡᠨ +︾ ᠠᠵᠢᠯ ᠤᠨ ᠠᠷᠭ᠎ᠠ ᠶᠢ ᠬᠡᠷᠡᠭᠯᠡᠨ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠡᠶ᠎ᠡ ᠵᠣᠬᠢᠴᠠᠯ ᠲᠠᠢ ᠪᠠᠷ ᠬᠠᠮᠲᠤ ᠰᠠᠭᠤᠷᠢᠰᠢᠬᠤ ᠶᠢ | ᠬᠥᠲᠥᠯᠦᠨ ᠵᠢᠯᠣᠭᠤᠳᠴᠤ᠂ ᠨᠡᠶᠢᠭᠡᠮ ᠳᠤᠭᠤᠷᠢᠬ ᠤᠨ 7832 ᠡᠷᠦᠬᠡ ᠶᠢᠨ 16290 ᠬᠥᠮᠦᠨ ᠳᠤ ᠦᠢᠯᠡᠴᠢᠯᠡᠭᠡ | ᠬᠠᠩᠭᠠᠵᠤ ᠪᠤᠢ᠃ | |