| 11 ᠰᠠᠷ᠎ᠠ ᠶᠢᠨ 22 ᠤᠨ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ | ᠭᠡᠷ ᠲᠥᠷᠥ ᠶᠢᠨ ᠪᠣᠳᠣᠯᠭ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠦ | ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠭᠠᠳᠠᠭᠠᠳᠤ ᠶᠠᠪᠤᠳᠠᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ ᠠᠬᠢᠭᠤᠯᠬᠤ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠠᠨᠢᠯᠴᠠᠭᠤᠯᠬᠤ ᠶᠢᠨ ᠬᠠᠮᠲᠤ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠡ᠃ | ᠬᠤᠷᠠᠯ ᠳᠡᠭᠡᠷ᠎ᠡ ᠠᠴᠠ ᠤᠶᠢᠯᠠᠭᠠᠬᠰᠡᠨ ᠢᠶᠠᠷ᠂ ᠡᠨᠡ ᠵᠢᠯ ᠠᠴᠠ ᠨᠠᠭᠠᠰᠢ᠂ ᠮᠠᠨ ᠤ ᠤᠯᠤᠰ ᠤᠨ ᠭᠠᠳᠠᠭᠠᠳᠤ | ᠠᠷᠠᠯᠵᠢᠶᠠᠨ ᠤ ᠬᠥᠭᠵᠢᠯᠲᠡ ᠶᠢᠨ ᠶᠠᠰᠤ ᠴᠢᠨᠠᠷ ᠳᠡᠭᠡᠭᠰᠢᠯᠡᠵᠦ ᠲᠤᠭ᠎ᠠ ᠬᠡᠮᠵᠢᠶ᠎ᠡ ᠲᠣᠭᠲᠠᠭᠤᠨ ᠪᠠᠶᠢᠬᠤ ᠰᠠᠶᠢᠨ | ᠰᠠᠶᠢᠬᠠᠨ ᠬᠥᠭᠵᠢᠯᠲᠡ ᠶᠢᠨ ᠬᠠᠨᠳᠤᠰᠢ ᠪᠠᠨ ᠪᠠᠲᠤᠯᠠᠪᠠ᠃ | 1 — 10 ᠰᠠᠷ᠎ᠠ ᠳᠤ᠂ ᠮᠠᠨ ᠤ ᠤᠯᠤᠰ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠤᠷᠤᠭᠤᠯᠤᠯᠳᠡ | ᠭᠠᠷᠭᠠᠯᠳᠡ ᠶᠢᠨ ᠶᠡᠷᠤᠩᠬᠡᠢ ᠭᠡᠮᠵᠢᠶ᠎ᠡ 36 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠲᠡᠭᠡᠷ᠎ᠠ ᠵᠢᠯ ᠤᠨ | ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠪᠡ᠃ |