ᠠᠯᠲᠠᠷᠲᠤ ᠰᠤᠮᠤ 11 ᠰᠠᠷ᠎ᠠ ᠶᠢᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠰᠤᠳᠤᠯᠤᠨ ᠮᠠᠭᠠᠳᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/26
     11 ᠰᠠᠷ᠎ᠠ ᠶᠢᠨ 25 ᠤ ᠡᠳᠦᠷ᠂ ᠵᠠᠯᠠᠶᠢᠳ ᠬᠤᠰᠢᠭᠤᠨ ᠤ ᠠᠯᠳᠠᠷᠳᠤ ᠰᠤᠮᠤ 11 ᠰᠠᠷ᠎ᠠ ᠶᠢᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠰᠤᠳᠤᠯᠤᠨ ᠮᠠᠭᠠᠳᠯᠠᠬᠤ ᠬᠤᠷᠠᠯ ᠬᠤᠷᠠᠯᠳᠤᠭᠤᠯᠵᠤ᠂ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠲᠦ᠋ ᠬᠤᠣ ᠬᠤᠷᠠᠯ ᠢ ᠡᠷᠭᠢᠯᠡᠵᠦ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠠᠮᠤᠷ ᠠᠮᠤᠭᠤᠯᠠᠩ ᠤᠨ ᠠᠯᠪᠠᠨ ᠬᠡᠷ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠡᠯ᠎ᠡ ᠭᠠᠴᠠᠭᠠᠨ ᠤ ᠱᠦᠵᠢ᠂ ᠠᠮᠤᠷ ᠢ ᠬᠠᠮᠠᠭᠠᠯᠠᠬᠤ ᠠᠵᠢᠯ ᠤᠨ ᠡᠷᠬᠢᠯᠡᠭᠴᠢ ᠬᠤᠷᠠᠯ ᠳᠤ ᠣᠷᠣᠯᠴᠠᠵᠠᠶ᠃     ᠬᠤᠷᠠᠯ ᠠᠴᠠ 11 ᠰᠠᠷ᠎ᠠ ᠶᠢᠨ 22 ᠤᠨ ᠡᠳᠦᠷ ᠬᠤᠷᠠᠯᠳᠤᠭᠤᠯᠤᠭᠰᠠᠨ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠰᠤᠮᠤᠨ ᠤ 11 ᠰᠠᠷ᠎ᠠ ᠶᠢᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠤᠨ ᠶᠡᠷᠦᠩᠬᠡᠶ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠡᠯ᠎ᠡ  ᠭᠠᠴᠠᠭ᠎ᠠ ᠲᠣᠰᠬᠤᠨ ᠤ ᠤᠳᠤᠷᠢᠳᠤᠯᠭ᠎ᠠ ᠳᠠᠭᠠᠭᠠᠴᠢᠯᠠᠭᠰᠠᠨ ᠭᠠᠴᠠᠭ᠎ᠠ ᠲᠣᠰᠬᠤᠨ ᠤ ᠠᠷᠢᠯᠭᠠᠭᠰᠠᠨ ᠥᠬᠡᠶ ᠵᠥᠷᠢᠴᠡᠯ ᠵᠢᠭᠤᠷᠠᠯᠳᠤᠭᠠᠨ ᠵᠢᠴᠢ ᠠᠶᠤᠯ ᠲᠦᠭᠰᠢᠭᠦᠷᠢ ᠶᠢᠨ ᠳᠠᠯᠳᠠ ᠬᠡᠮ ᠤᠨ ᠲᠤᠬᠠᠶ ᠰᠤᠳᠤᠯᠤᠨ ᠵᠠᠳᠠᠯᠤᠯᠲᠠ ᠬᠢᠪᠠ᠃
 
ᠢᠷᠡᠯᠲᠡ᠄ ᠠᠯᠲᠠᠷᠲᠤ ᠰᠤᠮᠤ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号