ᠭᠡᠷ ᠪᠠᠶᠢᠰᠢᠩ ᠤᠨ ᠥᠪ ᠬᠥᠷᠥᠩᠭᠡ ᠶᠢ ᠬᠡᠷᠬᠢᠨ ᠬᠠᠮᠢᠶᠠᠷᠴᠤ ᠵᠠᠯᠭᠠᠮᠵᠢᠯᠠᠭᠤᠯᠬᠤ ᠪᠤᠢ
ᠨᠡᠶᠢᠲᠡᠯᠡᠭᠰᠡᠨ ᠴᠠᠭ᠄
2024/11/26
    ᠨᠢᠭᠡ ᠬᠥᠮᠥᠨ ᠬᠡᠷᠪᠡ ᠥᠪᠡᠷ ᠤᠨ ᠨᠡᠷ᠎ᠡ ᠳᠡᠭᠡᠷᠡᠬᠢ ᠭᠡᠷ ᠬᠥᠷᠥᠩᠭᠡ ᠪᠠᠨ ᠨᠢᠭᠡ ᠵᠦᠢᠯ ᠤᠨ ᠡᠳ᠋ ᠬᠥᠷᠥᠩᠭᠡ ᠶᠢᠨ ᠬᠤᠪᠢ ᠪᠠᠷ ᠦᠷ᠎ᠡ ᠬᠡᠦᠬᠡᠳ ᠲᠡᠭᠡᠨ ᠥᠭᠬᠦ ᠭᠡᠪᠡᠯ ᠦᠨᠳᠦᠰᠦᠨ ᠳᠡᠭᠡᠨ ᠭᠡᠷ ᠬᠥᠷᠥᠩᠭᠡ ᠪᠠᠨ ᠪᠡᠯᠡᠭᠯᠡᠬᠦ᠂ ᠭᠡᠷ ᠬᠥᠷᠥᠩᠭᠡ ᠪᠠᠨ ᠥᠪ ᠵᠠᠯᠭᠠᠮᠵᠢᠯᠠᠭᠤᠯᠬᠤ᠂ ᠭᠡᠷ ᠬᠥᠷᠥᠩᠭᠡ ᠪᠠᠨ ᠰᠢᠯᠵᠢᠭᠦᠯᠬᠦ ᠵᠡᠷᠭᠡ 3 ᠵᠦᠢᠯ ᠤᠨ ᠦᠨᠳᠦᠰᠦᠨ ᠭᠡᠯᠪᠡᠷᠢ ᠪᠠᠶᠢᠳᠠᠭ᠃ ᠡᠭᠦᠨ ᠠᠴᠠ ᠭᠠᠳᠠᠨ᠎ᠠ ᠪᠠᠰᠠ ᠭᠡᠷ ᠬᠥᠷᠥᠩᠭᠡ ᠪᠠᠨ ᠬᠤᠳᠠᠯᠳᠤᠭᠠᠯᠠᠵᠤ ᠪᠡᠯᠡᠨ ᠮᠥᠩᠭᠦ ᠪᠣᠯᠭᠠᠨ ᠥᠭᠭᠦᠭᠰᠡᠨ ᠴᠦ ᠪᠣᠯᠣᠨ᠎ᠠ᠃ ᠳᠡᠭᠡᠷᠡᠬᠢ 4 ᠵᠦᠢᠯ ᠤᠨ ᠠᠷᠭ᠎ᠠ ᠭᠡᠯᠪᠡᠷᠢ ᠨᠢ ᠲᠣᠰᠪᠦᠷᠢ ᠶᠢᠨ ᠠᠰᠢᠭ ᠲᠠᠢ ᠲᠠᠯ᠎ᠠ ᠪᠠ ᠨᠠᠵᠠᠭᠠᠢ ᠲᠠᠯ᠎ᠠ ᠶᠢᠨ ᠢᠯᠭᠠᠭ᠎ᠠ ᠲᠠᠢ ᠪᠠᠶᠢᠵᠤ᠂ ᠬᠤᠯᠪᠣᠭᠳᠠᠯ ᠪᠦᠬᠦᠢ ᠵᠠᠷᠤᠳᠠᠯ ᠤᠨ ᠵᠥᠷᠢᠶ᠎ᠡ ᠨᠢ ᠴᠦ ᠨᠡᠯᠢᠶᠡᠳ ᠶᠡᠭᠡ ᠪᠠᠶᠢᠳᠠᠭ ᠪᠣᠯᠬᠤᠷ ᠠᠳᠠᠯᠢ ᠪᠤᠰᠤ ᠭᠡᠷ ᠪᠦᠯᠢ ᠶᠢᠨ ᠪᠠᠶᠢᠳᠠᠯ᠂ ᠪᠣᠳᠠᠲᠠᠢ ᠬᠡᠷᠡᠭᠴᠡᠭᠡ ᠳᠤ ᠴᠢᠭᠯᠡᠭᠦᠯᠦᠨ ᠵᠥᠪ ᠰᠣᠩᠭᠤᠯᠲᠠ ᠬᠢᠬᠦ ᠴᠢᠬᠤᠯᠠᠲᠠᠢ ᠶᠤᠮ᠃      ᠭᠡᠷ ᠬᠥᠷᠥᠩᠭᠡ ᠪᠠᠨ ᠪᠡᠯᠡᠭᠯᠡᠬᠦ     ᠭᠡᠷ ᠬᠥᠷᠥᠩᠭᠡ ᠪᠠᠨ ᠪᠡᠯᠡᠭᠯᠡᠬᠦ ᠭᠡᠳᠡᠭ ᠪᠣᠯ ᠲᠤᠬᠠᠢ ᠶᠢᠨ ᠬᠥᠮᠥᠨ ᠥᠪᠡᠷ ᠤᠨ ᠥᠮᠴᠢᠯᠡᠵᠦ ᠪᠠᠶᠢᠭ᠎ᠠ ᠭᠡᠷ ᠭᠠᠵᠠᠷ ᠤᠨ ᠬᠥᠷᠥᠩᠭᠡ ᠪᠠᠨ ᠦᠨ᠎ᠡ ᠲᠥᠯᠥᠪᠦᠷᠢ ᠦᠭᠡᠢ ᠪᠠᠷ ᠭᠥᠯᠢᠶᠡᠨ ᠠᠪᠤᠭᠴᠢ ᠳᠤ ᠰᠢᠯᠵᠢᠭᠦᠯᠦᠨ ᠥᠭᠴᠦ᠂ ᠭᠥᠯᠢᠶᠡᠨ ᠠᠪᠤᠭᠴᠢ ᠨᠢ ᠪᠡᠯᠡᠭᠯᠡᠨ ᠬᠦᠷᠭᠡᠬᠦ ᠶᠢ ᠭᠥᠯᠢᠶᠡᠨ ᠠᠪᠬᠤ ᠪᠠᠷ ᠢᠯᠡᠷᠬᠡᠶᠢᠯᠡᠭᠰᠡᠨ ᠬᠡᠯᠡᠯᠴᠡᠭᠡᠷ ᠢ ᠵᠢᠭᠠᠵᠤ ᠪᠠᠶᠢᠨ᠎ᠠ᠃ ᠡᠭᠦᠨ ᠳᠤ ᠭᠡᠷ ᠪᠠᠶᠢᠰᠢᠩ ᠤᠨ ᠥᠮᠴᠢᠯᠡᠬᠦ ᠡᠷᠬᠡ ᠪᠠ ᠭᠡᠷ ᠬᠥᠷᠥᠩᠭᠡ ᠶᠢᠨ ᠬᠡᠷᠡᠭᠯᠡᠬᠦ ᠡᠷᠬᠡ ᠶᠢ ᠪᠤᠰᠤᠳ ᠲᠤ ᠰᠢᠯᠵᠢᠭᠦᠯᠦᠨ ᠥᠭᠭᠦᠭᠰᠡᠨ ᠬᠥᠮᠥᠨ ᠪᠣᠯ ᠭᠡᠷ ᠬᠥᠷᠥᠩᠭᠡ ᠪᠡᠯᠡᠭᠯᠡᠭᠴᠢ ᠮᠥᠨ᠂ ᠪᠤᠰᠤᠳ ᠤᠨ ᠭᠡᠷ ᠭᠠᠵᠠᠷ ᠤᠨ ᠬᠥᠷᠥᠩᠭᠡ ᠶᠢ ᠭᠥᠯᠢᠶᠡᠨ ᠠᠪᠤᠭᠰᠠᠨ ᠬᠥᠮᠥᠨ ᠪᠣᠯ ᠭᠡᠷ ᠬᠥᠷᠥᠩᠭᠡ ᠶᠢ ᠭᠥᠯᠢᠶᠡᠨ ᠠᠪᠤᠭᠴᠢ ᠮᠥᠨ᠃     ᠭᠡᠷ ᠬᠥᠷᠥᠩᠭᠡ ᠪᠡᠯᠡᠭᠯᠡᠭᠴᠢ ᠨᠢ ᠡᠷᠬᠡᠪᠰᠢ ᠡᠷᠡᠭᠦᠯ ᠴᠢᠭᠢᠷᠠᠭ ᠬᠤᠪᠢ ᠬᠥᠮᠥᠨ ᠪᠤᠶᠤ ᠬᠠᠤᠯᠢ ᠶᠢᠨ ᠡᠷᠬᠡᠲᠡᠨ ᠬᠥᠮᠥᠨ ᠪᠠᠶᠢᠵᠤ᠂ ᠪᠡᠯᠡᠭᠯᠡᠵᠦ ᠥᠭᠬᠦ ᠠᠵᠢᠯᠯᠠᠭ᠎ᠠ ᠨᠢ ᠠᠮᠢᠳᠤ ᠰᠡᠷᠡᠭᠦᠨ ᠪᠠᠶᠢᠬᠤ ᠳᠠᠭᠠᠨ ᠡᠭᠦᠰᠦᠭᠰᠡᠨ ᠪᠠᠶᠢᠬᠤ ᠬᠡᠷᠡᠭᠲᠡᠢ᠂ ᠪᠡᠯᠡᠭᠯᠡᠬᠦ ᠳᠡᠭᠡᠨ ᠪᠡᠯᠡᠭᠯᠡᠭᠴᠢ ᠠᠴᠠ ᠬᠤᠪᠢ ᠪᠠᠷ ᠢᠶᠠᠨ ᠬᠢᠵᠦ ᠪᠣᠯᠣᠨ᠎ᠠ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠵᠥᠪᠳᠡᠯᠴᠡᠵᠦ ᠪᠠᠶᠢᠭᠠᠳ ᠬᠢᠭᠰᠡᠨ ᠴᠦ ᠪᠣᠯᠣᠨ᠎ᠠ᠃ ᠬᠡᠷᠪᠡ ᠬᠤᠶᠠᠷ ᠲᠠᠯ᠎ᠠ ᠪᠠᠷ ᠢᠶᠠᠨ ᠭᠡᠷ ᠭᠠᠵᠠᠷ ᠤᠨ ᠬᠥᠷᠥᠩᠭᠡ ᠶᠢ ᠪᠡᠯᠡᠭᠯᠡᠵᠦ ᠥᠭᠬᠦ ᠭᠡᠯᠪᠡᠷᠢ ᠪᠠᠷ ᠥᠪ ᠬᠥᠷᠥᠩᠭᠡ ᠶᠢ ᠳᠠᠮᠵᠢᠭᠤᠯᠬᠤ ᠪᠠᠷ ᠲᠣᠭᠲᠠᠭᠰᠠᠨ ᠪᠠᠶᠢᠪᠠᠯ᠂ ᠭᠡᠷ ᠭᠠᠵᠠᠷ ᠤᠨ ᠬᠥᠷᠥᠩᠭᠡ ᠶᠢ ᠪᠡᠯᠡᠭᠯᠡᠵᠦ ᠥᠭᠬᠦ ᠬᠡᠯᠡᠯᠴᠡᠭᠡᠷ ᠲᠣᠭᠲᠠᠬᠤ ᠬᠡᠷᠡᠭᠲᠡᠢ᠃     ᠵᠠᠷᠤᠳᠠᠯ ᠤᠨ ᠲᠠᠯ᠎ᠠ ᠪᠠᠷ᠂ ᠬᠡᠷᠪᠡ 90 ᠲᠡᠭᠰᠢ ᠳᠥᠷᠪᠡᠯᠵᠢᠨ ᠮᠧᠲᠷ ᠤᠨ ᠭᠡᠷ ᠬᠥᠷᠥᠩᠭᠡ ︵ᠨᠢᠭᠡᠳᠦᠭᠡᠷ ᠵᠡᠷᠭᠡ ᠶᠢᠨ ᠬᠤᠲᠠ︶ ᠪᠡᠯᠡᠭᠯᠡᠬᠦ ᠳᠤ᠂ ᠦᠨᠡᠯᠡᠨ ᠵᠢᠱᠢᠭᠰᠡᠨ ᠦᠨ᠎ᠡ ᠶᠢ 500 ᠲᠦᠮᠡᠨ ᠲᠥᠭᠦᠷᠢᠭ ᠢᠶᠠᠷ ᠪᠤᠳᠤᠪᠠᠯ᠂ ᠭᠡᠷ ᠬᠥᠷᠥᠩᠭᠡ ᠪᠡᠯᠡᠭᠯᠡᠬᠦ ᠶᠢ ᠭᠦᠢᠴᠡᠳᠬᠡᠬᠦ ᠳᠤ᠂ ᠰᠢᠭᠤᠳ ᠴᠢᠰᠤᠨ ᠲᠦᠷᠦᠯ ᠤᠨ ᠬᠤᠭᠤᠷᠣᠨᠳᠣᠭᠢ ᠭᠡᠷ ᠪᠠᠶᠢᠰᠢᠩ ᠪᠡᠯᠡᠭᠯᠡᠬᠦ ᠳᠤ ᠬᠠᠷᠢᠶᠠᠯᠠᠭᠳᠠᠬᠤ ᠤᠴᠢᠷ ᠠᠴᠠ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠪᠠ ᠦᠷᠳᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠦᠭᠡᠢ᠂ ᠡᠨᠡ ᠢᠵᠢ ᠭᠡᠷ ᠪᠠᠶᠢᠰᠢᠩ ᠳᠤ ᠬᠤᠯᠪᠣᠭᠳᠠᠬᠤ ᠭᠠᠶᠢᠯᠢ ᠰᠦᠢᠳᠬᠡᠯ ᠭᠡᠪᠡᠯ᠄ ᠦᠨᠡᠯᠡᠨ ᠵᠢᠱᠢᠬᠦ ᠰᠦᠢᠳᠬᠡᠯ ᠨᠢ ᠪᠠᠷᠤᠭ 2.5 ᠲᠦᠮᠡᠨ ᠲᠥᠭᠦᠷᠢᠭ ᠃ ᠭᠡᠷ ᠪᠠᠶᠢᠰᠢᠩ ᠤᠨ ᠦᠨ᠎ᠡ ᠨᠢ ᠪᠠᠷᠤᠭ 0.5% ᠶᠢᠨ ᠠᠯᠪᠠᠨ ᠭᠡᠷᠡᠴᠢᠯᠡᠭᠡ ᠶᠢᠨ ᠰᠦᠢᠳᠬᠡᠯ ︵ᠪᠣᠳᠠᠲᠠᠢ ᠪᠠᠶᠢᠳᠠᠯ ᠳᠤ ᠳᠡᠰ ᠬᠤᠪᠢᠶᠠᠵᠤ ᠨᠡᠶᠢᠯᠡᠭᠦᠯᠦᠨ ᠰᠦᠢᠳᠬᠡᠯ ᠬᠤᠷᠢᠶᠠᠨ᠎ᠠ︶᠂ ᠲᠤᠬᠠᠶᠢᠯᠠᠪᠠᠯ 2.5 ᠲᠦᠮᠡᠨ ᠲᠥᠭᠦᠷᠢᠭ ᠃ 1.5% ᠶᠢᠨ ᠭᠡᠷ᠎ᠡ ᠶᠢᠨ ᠭᠠᠶᠢᠯᠢ ᠨᠢ ᠳᠠᠷᠤᠢ 7.5 ᠲᠦᠮᠡᠨ ᠲᠥᠭᠦᠷᠢᠭ ᠃ 0.05% ᠶᠢᠨ ᠲᠡᠮᠳᠡᠭᠲᠦ ᠶᠢᠨ ᠭᠠᠶᠢᠯᠢ ᠳᠠᠷᠤᠢ 2500 ᠲᠥᠭᠦᠷᠢᠭ ᠪᠠᠶᠢᠵᠤ᠂ ᠨᠡᠶᠢᠲᠡ 12.75 ᠲᠦᠮᠡᠨ ᠲᠥᠭᠦᠷᠢᠭ ᠬᠡᠷᠡᠭᠰᠡᠬᠦ ᠪᠣᠯᠣᠨ᠎ᠠ᠃      ᠭᠡᠷ ᠬᠥᠷᠥᠩᠭᠡ ᠪᠠᠨ ᠪᠡᠯᠡᠭᠯᠡᠬᠦ ᠶᠢᠨ ᠰᠠᠶᠢᠨ ᠲᠠᠢ ᠲᠠᠯ᠎ᠠ ᠭᠡᠪᠡᠯ ᠠᠮᠢᠳᠤ ᠪᠠᠶᠢᠬᠤ ᠳᠠᠭᠠᠨ ᠥᠪᠡᠷ ᠤᠨ ᠭᠡᠷ ᠬᠥᠷᠥᠩᠭᠡ ᠶᠢᠨ ᠥᠪ ᠢᠶᠠᠨ ᠰᠢᠢᠳᠪᠦᠷᠢᠯᠡᠵᠦ᠂ ᠬᠤᠵᠢᠮ ᠤᠨ ᠥᠪ ᠬᠥᠷᠥᠩᠭᠡ ᠶᠢᠨ ᠵᠠᠭᠤᠷᠠᠯᠳᠤᠭᠠᠨ ᠠᠴᠠ ᠵᠠᠶᠢᠯᠠᠰᠬᠢᠵᠦ ᠪᠤᠯᠳᠠᠭ᠃ ᠡᠭᠦᠨ ᠠᠴᠠ ᠭᠠᠳᠠᠨ᠎ᠠ᠂ ᠨᠠᠰᠤᠲᠠᠶᠢᠴᠤᠳ ᠦᠷᠭᠦᠯᠵᠢ ᠭᠡᠷ ᠬᠥᠷᠥᠩᠭᠡ ᠪᠡᠯᠡᠭᠯᠡᠬᠦ ᠪᠠᠨ ᠨᠠᠰᠤᠵᠢᠯ ᠤᠨ ᠠᠰᠠᠷᠠᠮᠵᠢ ᠲᠠᠢ ᠬᠤᠯᠪᠣᠬᠤ ᠪᠠᠷ ᠳᠠᠮᠵᠢᠭᠤᠯᠤᠨ᠂ ᠥᠲᠡᠯᠦᠭᠡ ᠨᠠᠰᠤ ᠪᠠᠨ ᠠᠮᠤᠷ ᠵᠢᠮᠤᠷ ᠥᠩᠭᠡᠷᠡᠭᠦᠯᠬᠦ ᠶᠢ ᠦᠨᠡᠨ ᠬᠦ ᠪᠠᠲᠤᠯᠠᠵᠤ ᠴᠢᠳᠠᠨ᠎ᠠ᠃     ᠭᠡᠷ ᠬᠥᠷᠥᠩᠭᠡ ᠪᠠᠨ ᠥᠪ ᠵᠠᠯᠭᠠᠮᠵᠢᠯᠠᠭᠤᠯᠬᠤ       ᠭᠡᠷ ᠬᠥᠷᠥᠩᠭᠡ ᠪᠠᠨ ᠥᠪ ᠵᠠᠯᠭᠠᠮᠵᠢᠯᠠᠭᠤᠯᠬᠤ ᠭᠡᠳᠡᠭ ᠪᠣᠯ ᠢᠷᠭᠡᠨ ᠤ ᠬᠠᠤᠯᠢ ᠶᠢᠨ ᠪᠢᠴᠢᠭ ᠤᠨ ᠲᠣᠭᠲᠠᠭᠠᠯ ᠶᠣᠰᠣᠭᠠᠷ ᠭᠡᠷ ᠬᠥᠷᠥᠩᠭᠡ ᠶᠢ ᠥᠪ ᠵᠠᠯᠭᠠᠮᠵᠢᠯᠠᠭᠴᠢ ᠳᠤ ᠰᠢᠯᠵᠢᠭᠦᠯᠬᠦ ᠠᠵᠢᠯᠯᠠᠭ᠎ᠠ ᠶᠢ ᠵᠢᠭᠠᠵᠤ ᠪᠠᠶᠢᠨ᠎ᠠ᠃ ᠭᠡᠷ ᠬᠥᠷᠥᠩᠭᠡ ᠶᠢᠨ ᠵᠠᠯᠭᠠᠮᠵᠢᠯᠠᠯᠲᠠ ᠶᠢᠨ ᠲᠤᠬᠠᠢ ᠬᠤᠶᠠᠷ ᠵᠦᠢᠯ ᠪᠤᠢ᠂ ᠨᠢᠭᠡ ᠳᠤ ᠭᠡᠷᠢᠶᠡᠰ ᠢᠶᠠᠷ ᠥᠪ ᠵᠠᠯᠭᠠᠮᠵᠢᠯᠠᠬᠤ᠂ ᠬᠤᠶᠠᠷ ᠲᠤ ᠬᠠᠤᠯᠢ ᠳᠤ ᠲᠣᠭᠲᠠᠭᠠᠭᠰᠠᠨ ᠥᠪ ᠵᠠᠯᠭᠠᠮᠵᠢᠯᠠᠬᠤ ᠪᠣᠯᠣᠨ᠎ᠠ᠃ ᠭᠡᠷᠢᠶᠡᠰ ᠢᠶᠠᠷ ᠥᠪ ᠵᠠᠯᠭᠠᠮᠵᠢᠯᠠᠬᠤ ᠪᠣᠯ ᠬᠤᠪᠢ ᠬᠥᠮᠥᠨ ᠤ ᠠᠮᠢᠳᠤ ᠰᠡᠷᠡᠭᠦᠨ ᠪᠠᠶᠢᠬᠤ ᠳᠠᠭᠠᠨ ᠭᠡᠷᠢᠶᠡᠰ ᠤᠨ ᠭᠡᠯᠪᠡᠷᠢ ᠪᠠᠷ ᠬᠤᠪᠢ ᠬᠥᠮᠥᠨ ᠤ ᠡᠳ᠋ ᠬᠥᠷᠥᠩᠭᠡ ᠪᠠᠨ ᠰᠢᠢᠳᠪᠦᠷᠢᠯᠡᠬᠦ ᠬᠠᠤᠯᠢ ᠴᠠᠭᠠᠵᠠ ᠶᠢᠨ ᠠᠵᠢᠯᠯᠠᠭ᠎ᠠ ᠪᠤᠯᠬᠤ ᠪᠥᠭᠡᠳ ᠲᠡᠭᠦᠨ ᠤ ᠨᠠᠰᠤ ᠪᠠᠷᠠᠭᠰᠠᠨ ᠤ ᠲᠠᠷᠠᠭ᠎ᠠ ᠰᠠᠶ᠋ᠢ ᠬᠦᠴᠦᠨ ᠲᠠᠢ ᠪᠤᠯᠳᠠᠭ᠃ ᠬᠡᠷᠪᠡ ᠭᠡᠷᠢᠶᠡᠰ ᠦᠯᠡᠳᠡᠭᠡᠭᠰᠡᠨ ᠦᠭᠡᠢ ᠪᠠᠶᠢᠪᠠᠯ᠂ ᠢᠷᠭᠡᠨ ᠤ ᠬᠠᠤᠯᠢ ᠶᠢᠨ ᠪᠢᠴᠢᠭ ᠤᠨ ᠲᠣᠭᠲᠠᠭᠠᠯ ᠶᠣᠰᠣᠭᠠᠷ ᠬᠠᠤᠯᠢ ᠳᠤ ᠲᠣᠭᠲᠠᠭᠠᠭᠰᠠᠨ ᠥᠪ ᠵᠠᠯᠭᠠᠮᠵᠢᠯᠠᠬᠤ ᠭᠡᠯᠪᠡᠷᠢ ᠪᠠᠷ ᠥᠪ ᠬᠥᠷᠥᠩᠭᠡ ᠶᠢ ᠬᠤᠪᠢᠶᠠᠷᠢᠯᠠᠨ᠎ᠠ᠃      ᠡᠭᠦᠨ ᠠᠴᠠ ᠭᠠᠳᠠᠨ᠎ᠠ ᠪᠠᠰᠠ ᠭᠡᠷᠢᠶᠡᠰᠯᠡᠨ ᠬᠦᠷᠭᠡᠬᠦ ᠭᠡᠳᠡᠭ ᠨᠢ ᠡᠳ᠋ ᠬᠥᠷᠥᠩᠭᠡ ᠪᠠᠨ ᠬᠠᠤᠯᠢ ᠳᠤ ᠲᠣᠭᠲᠠᠭᠠᠭᠰᠠᠨ ᠥᠪ ᠵᠠᠯᠭᠠᠮᠵᠢᠯᠠᠭᠴᠢ ᠠᠴᠠ ᠥᠭᠡᠷ᠎ᠡ ᠬᠥᠮᠥᠨ ᠳᠤ ᠪᠡᠯᠡᠭᠯᠡᠨ ᠥᠭᠬᠦ ᠶᠢ ᠵᠢᠭᠠᠵᠤ᠂ ᠥᠪ ᠵᠠᠯᠭᠠᠮᠵᠢᠯᠠᠬᠤ ᠲᠡᠰ ᠳᠠᠷᠠᠭᠠᠯᠠᠯ ᠤᠨ ᠲᠠᠯ᠎ᠠ ᠪᠠᠷ ᠭᠡᠷᠢᠶᠡᠰ ᠢᠶᠠᠷ ᠥᠪ ᠵᠠᠯᠭᠠᠮᠵᠢᠯᠠᠬᠤ ᠨᠢ ᠭᠡᠷᠢᠶᠡᠰᠯᠡᠨ ᠬᠦᠷᠭᠡᠬᠦ ᠠᠴᠠ ᠤᠷᠢᠳ ᠪᠠᠶᠢᠳᠠᠭ᠃ ᠬᠡᠷᠪᠡ ᠬᠤᠯᠪᠣᠭᠳᠠᠯ ᠪᠦᠬᠦᠢ ᠭᠡᠷᠢᠶᠡᠰ ᠪᠠᠶᠢᠬᠤ ᠦᠭᠡᠢ ᠪᠣᠯ ᠨᠡᠯᠢᠶᠡᠳ ᠤᠯᠠᠨ ᠮᠠᠲ᠋ᠧᠷᠢᠶᠠᠯ ᠪᠡᠯᠡᠳᠬᠡᠬᠦ ᠴᠢᠬᠤᠯᠠᠲᠠᠢ᠃      ᠵᠢᠱᠢᠶᠡᠯᠡᠪᠡᠯ᠄ ᠨᠠᠰᠤᠠ ᠪᠠᠷᠠᠭᠰᠠᠳ ᠤᠨ ᠪᠠᠶᠢᠭ᠎ᠠ ᠨᠢᠭᠡᠴᠢ ︵ᠡᠰᠡᠬᠦᠯ᠎ᠡ ᠰᠠᠭᠤᠭᠠᠯᠢ ᠠᠷᠠᠳ ᠤᠨ ᠵᠥᠪᠯᠡᠯ᠂ ᠭᠠᠴᠠᠭᠠᠨ ᠤ ᠠᠷᠠᠳ ᠤᠨ ᠵᠥᠪᠯᠡᠯ︶ ᠳᠤ ᠣᠴᠢᠵᠤ ᠬᠠᠤᠯᠢ ᠳᠤ ᠲᠣᠭᠲᠠᠭᠠᠭᠰᠠᠨ ᠥᠪ ᠵᠠᠯᠭᠠᠮᠵᠢᠯᠠᠭᠴᠢ ᠶᠢᠨ ᠭᠡᠷᠡᠴᠢᠯᠡᠭᠡ ᠬᠢᠯᠭᠡᠨ᠎ᠡ᠂ ᠠᠭᠤᠯᠭ᠎ᠠ ᠳᠤ ᠭᠤᠣᠯᠳᠠᠭᠤ ᠨᠠᠰᠤ ᠪᠠᠷᠠᠭᠰᠠᠳ ᠤᠨ ᠬᠠᠨᠢ ᠢᠵᠢᠯᠢ᠂ ᠡᠴᠢᠭᠡ ᠡᠬᠡ᠂ ᠦᠷ᠎ᠡ ᠬᠡᠦᠬᠡᠳ ᠤᠨ ᠣᠪᠣᠭ ᠨᠡᠷ᠎ᠡ ᠪᠠ ᠨᠠᠰᠤ ᠪᠠᠷᠠᠭᠰᠠᠳ ᠤᠨ ᠡᠴᠢᠭᠡ ᠡᠬᠡ ᠨᠢ ᠨᠢᠭᠡᠨᠲᠡ ᠨᠠᠰᠤ ᠪᠠᠷᠠᠭᠰᠠᠨ ᠡᠰᠡᠬᠦ ᠵᠡᠷᠭᠡ ᠪᠠᠭᠲᠠᠨ᠎ᠠ᠃ ᠬᠡᠷᠪᠡ ᠬᠠᠤᠯᠢ ᠳᠤ ᠲᠣᠭᠲᠠᠭᠠᠭᠰᠠᠨ ᠥᠪ ᠵᠠᠯᠭᠠᠮᠵᠢᠯᠠᠭᠴᠢ ᠨᠢ ᠨᠢᠭᠡ ᠯᠡ ᠬᠥᠮᠥᠨ ᠪᠢᠰᠢ᠂ ᠭᠡᠪᠡᠴᠦ ᠭᠡᠷ ᠬᠥᠷᠥᠩᠭᠡ ᠶᠢ ᠵᠥᠪᠭᠡᠨ ᠲᠡᠭᠦᠨ ᠤ ᠳᠣᠲᠣᠷᠠᠬᠢ ᠨᠢᠭᠡ ᠬᠥᠮᠥᠨ ᠳᠤ ᠡᠷᠤᠭᠡ ᠰᠢᠯᠵᠢᠭᠦᠯᠵᠦ ᠥᠭᠬᠦ ᠳᠤ ᠭᠦᠷᠪᠡᠯ᠂ ᠪᠤᠰᠤᠳ ᠬᠥᠮᠥᠨ ᠤ ᠪᠢᠴᠢᠭ ᠤᠨ ᠵᠥᠪᠰᠢᠶᠡᠷᠡᠯ ᠢ ᠣᠯᠵᠤ᠂ ᠭᠡᠷ ᠬᠥᠷᠥᠩᠭᠡ ᠶᠢᠨ ᠥᠪ ᠵᠠᠯᠭᠠᠮᠵᠢᠯᠠᠯᠲᠠ ᠶᠢ ᠲᠠᠶᠠᠭᠳᠠᠬᠤ ᠪᠠᠨ ᠢᠯᠡᠷᠬᠡᠶᠢᠯᠡᠬᠦ ᠬᠡᠷᠡᠭᠲᠡᠢ᠃ ᠵᠠᠷᠤᠳᠠᠯ ᠤᠨ ᠲᠠᠯ᠎ᠠ ᠪᠠᠷ᠂ ᠥᠪ ᠵᠠᠯᠭᠠᠮᠵᠢᠯᠠᠬᠤ ᠭᠠᠶᠢᠯᠢ ᠰᠦᠢᠳᠬᠡᠯ ᠳᠤ᠂ ᠥᠪ ᠵᠠᠯᠭᠠᠮᠵᠢᠯᠠᠬᠤ ᠡᠷᠬᠡ ᠶᠢᠨ ᠠᠯᠪᠠᠨ ᠭᠡᠷᠡᠴᠢᠯᠡᠭᠡ ᠶᠢᠨ ᠵᠠᠷᠤᠳᠠᠯ ︵ᠪᠠᠷᠤᠭ ᠭᠡᠷ ᠪᠠᠶᠢᠰᠢᠩ ᠤᠨ ᠦᠨᠡᠯᠡᠨ ᠵᠢᠱᠢᠭᠰᠡᠨ ᠦᠨ᠎ᠡ ᠶᠢᠨ 0.5%︶᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠵᠠᠷᠤᠳᠠᠯ ︵ᠪᠠᠷᠤᠭ ᠭᠡᠷ ᠪᠠᠶᠢᠰᠢᠩ ᠤᠨ ᠦᠨᠡᠯᠡᠨ ᠵᠢᠱᠢᠭᠰᠡᠨ ᠦᠨ᠎ᠡ ᠶᠢᠨ 0.5%︶ ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠯᠭᠠᠮᠵᠢᠯᠠᠯ ᠤᠨ ᠡᠷᠦᠭᠡ ᠰᠢᠯᠵᠢᠭᠦᠯᠬᠦ ᠭᠠᠶᠢᠯᠢ ᠰᠦᠢᠳᠬᠡᠯ ︵ᠭᠡᠷ ᠪᠠᠶᠢᠰᠢᠩ ᠤᠨ ᠦᠨᠡᠯᠡᠨ ᠵᠢᠱᠢᠭᠰᠡᠨ ᠦᠨ᠎ᠡ ᠶᠢᠨ 0.05% ᠶᠢᠨ ᠭᠡᠷ᠎ᠡ ᠶᠢᠨ ᠲᠡᠮᠳᠡᠭᠲᠦ ᠶᠢᠨ ᠭᠠᠶᠢᠯᠢ︶ ᠃ ᠭᠡᠷ᠎ᠡ ᠶᠢᠨ ᠭᠠᠶᠢᠯᠢ ᠳᠤ᠂ ᠬᠠᠤᠯᠢ ᠳᠤ ᠲᠣᠭᠲᠠᠭᠠᠭᠰᠠᠨ ᠥᠪ ᠵᠠᠯᠭᠠᠮᠵᠢᠯᠠᠭᠴᠢ ᠨᠢ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠵᠠᠯᠭᠠᠮᠵᠢᠯᠠᠬᠤ ᠳᠠᠭᠠᠨ ᠭᠡᠷ᠎ᠡ ᠶᠢᠨ ᠭᠠᠶᠢᠯᠢ ᠶᠢ ᠬᠡᠯᠲᠦᠷᠢᠭᠦᠯᠦᠨ᠎ᠡ᠂ ᠬᠠᠤᠯᠢ ᠳᠤ ᠲᠣᠭᠲᠠᠭᠠᠭᠰᠠᠨ ᠪᠤᠰᠤ ᠥᠪ ᠵᠠᠯᠭᠠᠮᠵᠢᠯᠠᠭᠴᠢ ᠠᠴᠠ ᠭᠡᠷ᠎ᠡ ᠶᠢᠨ ᠭᠠᠶᠢᠯᠢ ᠲᠤᠰᠢᠶᠠᠬᠤ ᠬᠡᠷᠡᠭᠲᠡᠢ᠃     ᠨᠢᠭᠡ ᠢᠵᠢ ᠭᠡᠷ ᠬᠥᠷᠥᠩᠭᠡ ᠶᠢ 90 ᠲᠡᠭᠰᠢ ᠳᠥᠷᠪᠡᠯᠵᠢᠨ ᠮᠧᠲᠷ ᠭᠡᠵᠦ ᠵᠢᠱᠢᠵᠦ᠂ ᠦᠨᠡᠯᠡᠨ ᠵᠢᠱᠢᠭᠰᠡᠨ ᠥᠷᠲᠡᠭ ᠨᠢ 500 ᠲᠦᠮᠡᠨ ᠲᠥᠭᠦᠷᠢᠭ ᠢᠶᠠᠷ ᠪᠤᠳᠤᠪᠠᠯ᠂ ᠬᠡᠷᠪᠡ ᠭᠡᠷ ᠪᠠᠶᠢᠰᠢᠩ ᠢ ᠥᠪ ᠵᠠᠯᠭᠠᠮᠵᠢᠯᠠᠬᠤ ᠳᠤ ᠭᠦᠷᠪᠡᠯ᠂ ᠲᠡᠭᠦᠨ ᠤ ᠬᠠᠤᠯᠢ ᠳᠤ ᠲᠣᠭᠲᠠᠭᠠᠭᠰᠠᠨ ᠥᠪ ᠵᠠᠯᠭᠠᠮᠵᠢᠯᠠᠭᠴᠢ ᠳᠤ ᠬᠠᠷᠢᠶᠠᠯᠠᠭᠳᠠᠨ᠎ᠠ᠂ ᠲᠣᠭᠲᠠᠭᠠᠯ ᠶᠣᠰᠣᠭᠠᠷ ᠭᠡᠷ᠎ᠡ ᠶᠢᠨ ᠭᠠᠶᠢᠯᠢ ᠶᠢ ᠬᠡᠯᠲᠦᠷᠢᠭᠦᠯᠵᠦ᠂ ᠲᠠᠭᠢᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠪᠠ ᠦᠷᠳᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠵᠦ ᠪᠣᠯᠣᠨ᠎ᠠ᠂ ᠡᠨᠡ ᠢᠵᠢ ᠭᠡᠷ ᠪᠠᠶᠢᠰᠢᠩ ᠳᠤ ᠵᠥᠪᠭᠡᠨ ᠦᠨᠡᠯᠡᠨ ᠵᠢᠱᠢᠬᠦ ᠵᠠᠷᠤᠳᠠᠯ 2.5 ᠲᠦᠮᠡᠨ ᠲᠥᠭᠦᠷᠢᠭ ᠬᠤᠯᠪᠣᠭᠳᠠᠨ᠎ᠠ᠂ ᠡᠭᠦᠨ ᠤ ᠳᠡᠭᠡᠷ᠎ᠡ ᠭᠡᠷ ᠬᠥᠷᠥᠩᠭᠡ ᠶᠢᠨ ᠥᠪ ᠵᠠᠯᠭᠠᠮᠵᠢᠯᠠᠬᠤ ᠡᠷᠬᠡ ᠶᠢᠨ ᠠᠯᠪᠠᠨ ᠭᠡᠷᠡᠴᠢᠯᠡᠭᠡ ᠶᠢᠨ ᠵᠠᠷᠤᠳᠠᠯ 2.5 ᠲᠦᠮᠡᠨ ᠲᠥᠭᠦᠷᠢᠭ᠂ ᠲᠡᠮᠳᠡᠭᠲᠦ ᠶᠢᠨ ᠭᠠᠶᠢᠯᠢ 2500 ᠲᠥᠭᠦᠷᠢᠭ ᠢ ᠨᠡᠮᠡᠪᠡᠯ᠂ ᠨᠡᠶᠢᠳᠡ 5.25 ᠲᠦᠮᠡᠨ ᠲᠥᠭᠦᠷᠢᠭ ᠪᠣᠯᠣᠨ᠎ᠠ᠃ ᠥᠨᠳᠥᠷ ᠬᠡᠮᠵᠢᠶᠡᠨ ᠤ ᠭᠡᠷ᠎ᠡ ᠶᠢᠨ ᠭᠠᠶᠢᠯᠢ ᠲᠤᠰᠢᠶᠠᠬᠤ ᠴᠢᠬᠤᠯᠠ ᠦᠭᠡᠢ ᠤᠴᠢᠷ ᠠᠴᠠ ︽ᠵᠠᠯᠭᠠᠮᠵᠢᠯᠠᠬᠤ︾ ᠠᠷᠭ᠎ᠠ ᠮᠠᠶ᠋ᠢᠭ ᠤᠨ ᠭᠠᠶᠢᠯᠢ ᠰᠦᠢᠳᠬᠡᠯ ᠨᠢ ᠨᠡᠯᠢᠶᠡᠳ ᠳᠣᠣᠷ᠎ᠠ ᠪᠠᠶᠢᠳᠠᠭ᠃     ᠭᠡᠷ ᠬᠥᠷᠥᠩᠭᠡ ᠪᠠᠨ ᠰᠢᠯᠵᠢᠭᠦᠯᠬᠦ     ᠭᠡᠷ ᠬᠥᠷᠥᠩᠭᠡ ᠶᠢ ᠰᠢᠯᠵᠢᠭᠦᠯᠵᠦ ᠠᠷᠠᠯᠵᠢᠶᠠᠯᠠᠬᠤ ᠪᠠᠷ ᠳᠠᠮᠵᠢᠭᠤᠯᠤᠨ᠂ ᠡᠴᠢᠭᠡ ᠡᠬᠡ ᠶᠢᠨ ᠨᠡᠷ᠎ᠡ ᠳᠡᠭᠡᠷᠡᠬᠢ ᠭᠡᠷ ᠬᠥᠷᠥᠩᠭᠡ ᠶᠢ ᠦᠷ᠎ᠡ ᠬᠡᠦᠬᠡᠳ ᠲᠡᠭᠡᠨ ᠰᠢᠯᠵᠢᠭᠦᠯᠦᠨ ᠥᠭᠬᠦ ᠶᠠᠪᠤᠳᠠᠯ ᠴᠤ ᠦᠷᠭᠦᠯᠵᠢ ᠬᠠᠷᠠᠭᠳᠠᠳᠠᠭ᠃ ᠦᠷ᠎ᠡ ᠬᠡᠦᠬᠡᠳ ᠨᠢ ︽ᠭᠡᠷ ᠬᠥᠷᠥᠩᠭᠡ ᠶᠢᠨ ᠨᠡᠷ᠎ᠡ ᠶᠢ ᠬᠠᠯᠠᠬᠤ︾ ᠶᠢᠨ ᠲᠥᠯᠥᠭᠡ ᠪᠣᠳᠠᠲᠠᠢ ᠪᠡᠯᠡ ᠭᠠᠷᠭᠠᠬᠤ ᠴᠢᠬᠤᠯᠠ ᠦᠭᠡᠢ᠃ ᠭᠡᠪᠡᠴᠦ ᠭᠠᠷ ᠳᠠᠮᠵᠢᠭᠰᠠᠨ ᠣᠷᠣᠨ ᠰᠠᠭᠤᠴᠠ ᠶᠢᠨ ᠠᠷᠠᠯᠵᠢᠶ᠎ᠠ ᠪᠤᠯᠬᠤ ᠤᠴᠢᠷ ᠠᠴᠠ ᠬᠤᠳᠠᠯᠳᠤᠭᠠᠨ ᠤ ᠬᠤᠶᠠᠷ ᠲᠠᠯ᠎ᠠ ᠪᠠᠷ ᠢᠶᠠᠨ ᠴᠥᠮ ᠡᠷᠬᠡᠪᠰᠢ ᠬᠤᠯᠪᠣᠭᠳᠠᠯ ᠪᠦᠬᠦᠢ ᠭᠠᠶᠢᠯᠢ ᠰᠦᠢᠳᠬᠡᠯ ᠢ ᠲᠤᠰᠢᠶᠠᠬᠤ ᠬᠡᠷᠡᠭᠲᠡᠢ᠃     ᠡᠩ ᠤᠨ ᠪᠠᠶᠢᠳᠠᠯ ᠳᠤ᠄ ᠭᠡᠷ ᠪᠠᠶᠢᠰᠢᠩ ᠬᠤᠳᠠᠯᠳᠤᠨ ᠠᠪᠤᠭᠴᠢ ᠨᠢ ᠭᠡᠷ᠎ᠡ ᠶᠢᠨ ᠭᠠᠶᠢᠯᠢ ︵ᠭᠡᠷ ᠪᠠᠶᠢᠰᠢᠩ ᠤᠨ ᠶᠡᠷᠦᠩᠬᠡᠢ ᠦᠨ᠎ᠡ ᠶᠢᠨ 1.5%︶᠂ ᠲᠡᠮᠳᠡᠭᠲᠦ ᠶᠢᠨ ᠭᠠᠶᠢᠯᠢ ︵ᠭᠡᠷ ᠪᠠᠶᠢᠰᠢᠩ ᠤᠨ ᠶᠡᠷᠦᠩᠬᠡᠢ ᠦᠨ᠎ᠡ ᠶᠢᠨ 0.05%︶ ᠲᠤᠰᠢᠶᠠᠬᠤ ᠭᠡᠷᠡᠭᠲᠡᠶ ; ᠭᠡᠷ ᠬᠤᠳᠠᠯᠳᠤᠭᠴᠢ ᠡᠵᠡᠩᠨᠡᠯᠲᠡ ᠶᠢᠨ ᠭᠠᠶᠢᠯᠢ ︵ᠭᠡᠷ ᠪᠠᠶᠢᠰᠢᠩ ᠤᠨ ᠶᠡᠷᠦᠩᠬᠡᠢ ᠦᠨ᠎ᠡ ᠶᠢᠨ 5.5%᠂ ᠨᠥᠬᠦᠴᠡᠯ ᠢ ᠬᠠᠩᠭᠠᠪᠠᠯ ᠬᠡᠯᠲᠦᠷᠢᠭᠦᠯᠵᠦ ᠪᠣᠯᠣᠨ᠎ᠠ︶᠂ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ︵ᠭᠡᠷ ᠪᠠᠶᠢᠰᠢᠩ ᠤᠨ ᠶᠡᠷᠦᠩᠬᠡᠢ ᠦᠨ᠎ᠡ ᠶᠢᠨ 1%᠂ ᠨᠥᠬᠦᠴᠡᠯ ᠢ ᠬᠠᠩᠭᠠᠪᠠᠯ ᠬᠡᠯᠲᠦᠷᠢᠭᠦᠯᠵᠦ ᠪᠣᠯᠣᠨ᠎ᠠ︶᠂ ᠲᠡᠮᠳᠡᠭᠲᠦ ᠶᠢᠨ ᠭᠠᠶᠢᠯᠢ ︵ᠭᠡᠷ ᠪᠠᠶᠢᠰᠢᠩ ᠤᠨ ᠶᠡᠷᠦᠩᠬᠡᠢ ᠦᠨ᠎ᠡ ᠶᠢᠨ 0.05%︶ ᠲᠤᠰᠢᠶᠠᠬᠤ ᠬᠡᠷᠡᠭᠲᠡᠢ᠃ ᠬᠤᠶᠠᠷ ᠡᠲᠡᠭᠡᠳ ᠤᠨ ᠪᠤᠢ ᠪᠦᠬᠦᠢ ᠭᠠᠶᠢᠯᠢ ᠰᠦᠢᠳᠬᠡᠯ ᠢ ᠨᠡᠮᠡᠪᠡᠯ ᠬᠠᠮᠤᠭ ᠥᠨᠳᠥᠷ ᠲᠡᠭᠡᠨ ᠭᠡᠷ ᠪᠠᠶᠢᠰᠢᠩ ᠤᠨ ᠶᠡᠷᠦᠩᠬᠡᠢ ᠦᠨ᠎ᠡ ᠶᠢᠨ 8% ᠠᠴᠠ ᠳᠠᠪᠠᠵᠤ᠂ ᠭᠡᠷ ᠪᠠᠶᠢᠰᠢᠩ ᠤᠨ ᠬᠥᠷᠥᠩᠭᠡ ᠶᠢ ᠦᠨᠡᠯᠡᠨ ᠵᠢᠱᠢᠭᠰᠡᠨ ᠦᠨ᠎ᠡ ᠶᠢ 500 ᠲᠦᠮᠡᠨ ᠲᠥᠭᠦᠷᠢᠭ ᠢᠶᠠᠷ ᠵᠢᠱᠢᠪᠡᠯ᠂ ᠬᠠᠮᠤᠭ ᠤᠨ ᠥᠨᠳᠥᠷ ᠲᠡᠭᠡᠨ 40 ᠲᠦᠮᠡᠨ ᠲᠥᠭᠦᠷᠢᠭ ᠢ ᠳᠠᠪᠠᠭᠰᠠᠨ ᠭᠠᠶᠢᠯᠢ ᠰᠦᠢᠳᠬᠡᠯ ᠲᠤᠰᠢᠶᠠᠬᠤ ᠬᠡᠷᠡᠭᠲᠡᠢ᠃       ᠡᠭᠦᠨ ᠠᠴᠠ ᠦᠵᠡᠬᠦ ᠳᠤ ᠭᠡᠷ ᠬᠥᠷᠥᠩᠭᠡ ᠪᠠᠨ ᠥᠪ ᠵᠠᠯᠭᠠᠮᠵᠢᠯᠠᠭᠤᠯᠬᠤ᠂ ᠭᠡᠷ ᠬᠥᠷᠥᠩᠭᠡ ᠪᠠᠨ ᠪᠡᠯᠡᠭᠯᠡᠬᠦ ᠲᠠᠢ ᠬᠠᠷᠢᠴᠠᠭᠤᠯᠪᠠᠯ ᠭᠡᠷ ᠬᠥᠷᠥᠩᠭᠡ ᠪᠠᠨ ᠰᠢᠯᠵᠢᠭᠦᠯᠬᠦ ᠶᠢᠨ ᠥᠪᠡᠷ ᠤᠨ ᠦᠷᠳᠡᠭ ᠨᠢ ᠬᠠᠮᠤᠭ ᠤᠨ ᠥᠨᠳᠥᠷ ᠪᠠᠶᠢᠳᠠᠭ᠂ ᠭᠡᠪᠡᠴᠦ ᠪᠠᠰᠠ ᠶᠠᠷᠰᠢᠭ ᠲᠦᠪᠡᠭᠲᠡᠢ ᠠᠯᠪᠠᠨ ᠭᠡᠷᠡᠴᠢᠯᠡᠭᠡ ᠶᠢ ᠬᠡᠷᠡᠭᠰᠡᠬᠦ ᠦᠭᠡᠢ ᠰᠠᠶᠢᠨ ᠲᠠᠯ᠎ᠠ ᠲᠠᠢ ᠶᠤᠮ᠃      ᠡᠭᠦᠨ ᠠᠴᠠ ᠭᠠᠳᠠᠨ᠎ᠠ᠂ ᠭᠡᠷ ᠪᠠᠶᠢᠰᠢᠩ ᠪᠡᠯᠡᠭᠯᠡᠭᠰᠡᠨ ᠴᠦ ᠲᠡᠷᠡ᠂ ᠵᠠᠯᠭᠠᠮᠵᠢᠯᠠᠭᠤᠯᠬᠤ ᠪᠤᠶᠤ ᠰᠢᠯᠵᠢᠭᠦᠯᠦᠭᠰᠡᠨ ᠴᠦ ᠲᠡᠷᠡ᠂ ᠲᠠᠭᠢᠨ ᠬᠤᠳᠠᠯᠳᠤᠬᠤ ᠦᠶ᠎ᠡ ᠳᠤ ᠮᠥᠨ ᠴᠦ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠲᠤᠰᠢᠶᠠᠬᠤ ᠬᠡᠷᠡᠭᠲᠡᠢ ᠭᠡᠳᠡᠭ ᠢ ᠰᠠᠨᠠᠭᠤᠯᠬᠤ ᠴᠢᠬᠤᠯᠠᠲᠠᠢ᠃ ᠪᠡᠯᠡᠭᠯᠡᠬᠦ ᠪᠤᠶᠤ ᠵᠠᠯᠭᠠᠮᠵᠢᠯᠠᠭᠤᠯᠬᠤ ᠪᠠᠷ ᠳᠡᠮᠵᠢᠨ ᠣᠯᠣᠭᠰᠠᠨ ᠭᠡᠷ ᠬᠥᠷᠥᠩᠭᠡ ᠶᠢᠨ ᠥᠪᠡᠷ ᠤᠨ ᠥᠷᠲᠡᠭ ᠨᠢ 0 ᠲᠥᠭᠦᠷᠢᠭ᠂ ᠭᠡᠪᠡᠴᠦ ᠬᠤᠶᠠᠳᠠᠭᠢ ᠤᠳᠠᠭ᠎ᠠ ᠰᠢᠯᠵᠢᠭᠦᠯᠦᠨ ᠥᠭᠬᠦ ᠦᠶ᠎ᠡ ᠳᠤ ᠪᠦᠭᠦ ᠲᠤᠭ᠎ᠠ ᠪᠠᠷ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠲᠤᠰᠢᠶᠠᠨ᠎ᠠ ᠂ ᠭᠠᠶᠢᠯᠢ ᠶᠢᠨ ᠨᠣᠷᠮ᠎ᠠ ᠨᠢ 20% ᠪᠤᠯᠤᠨ᠎ᠠ᠃ ᠰᠢᠯᠵᠢᠭᠦᠯᠬᠦ ᠪᠠᠷ ᠳᠡᠮᠵᠢᠨ ᠣᠯᠣᠭᠰᠠᠨ ᠭᠡᠷ ᠬᠥᠷᠥᠩᠭᠡ ᠶᠢᠨ ᠥᠪᠡᠷ ᠤᠨ ᠥᠷᠲᠡᠭ ᠨᠢ ᠰᠢᠯᠵᠢᠭᠦᠯᠬᠦ ᠦᠨ᠎ᠡ ᠪᠣᠯᠣᠨ᠎ᠠ᠂ ᠬᠤᠶᠠᠳᠠᠭᠢ ᠤᠳᠠᠭ᠎ᠠ ᠰᠢᠯᠵᠢᠭᠦᠯᠬᠦ ᠦᠶ᠎ᠡ ᠳᠤ ᠵᠥᠷᠢᠶᠡᠲᠦ ᠲᠣᠭᠠᠨ ᠤ 20% ᠪᠠᠷ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠲᠤᠰᠢᠶᠠᠨ᠎ᠠ᠃ ᠲᠠᠭᠢᠨ ᠬᠤᠳᠠᠯᠳᠤᠭᠠᠯᠠᠬᠤ ᠪᠠᠶᠢᠳᠠᠯ ᠢ ᠪᠣᠳᠣᠯᠬᠢᠯᠠᠭᠠᠳ᠂ ᠰᠢᠯᠵᠢᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠭᠠᠶᠢᠯᠢ ᠲᠠᠲᠠᠪᠤᠷᠢ ᠶᠢᠨ ᠡᠭᠦᠷᠭᠡᠯᠡᠯ ᠨᠢ ᠬᠠᠷᠢᠨ ᠨᠡᠩ ᠬᠥᠩᠭᠡᠪᠲᠦᠷ ᠪᠠᠶᠢᠳᠠᠭ᠃      ᠭᠡᠷ ᠬᠥᠷᠥᠩᠭᠡ ᠪᠠᠨ ᠬᠤᠳᠠᠯᠳᠤᠭᠠᠯᠠᠬᠤ      ᠨᠠᠰᠤᠲᠠᠳ ᠠᠮᠢᠳᠤ ᠰᠡᠷᠡᠭᠦᠨ ᠪᠠᠶᠢᠬᠤ ᠳᠠᠭᠠᠨ ᠭᠡᠷ ᠬᠥᠷᠥᠩᠭᠡ ᠪᠠᠨ ᠬᠤᠳᠠᠯᠳᠤᠭᠠᠯᠠᠭᠠᠳ ᠪᠡᠯᠡᠨ ᠵᠣᠭᠤᠰ ᠪᠤᠯᠭᠠᠵᠤ᠂ ᠨᠠᠰᠤ ᠪᠠᠷᠠᠭᠰᠠᠨ ᠤ ᠲᠠᠷᠠᠭ᠎ᠠ ᠨᠢ ᠪᠡᠯᠡᠨ ᠮᠥᠩᠭᠦ ᠶᠢᠨ ᠭᠡᠯᠪᠡᠷᠢ ᠪᠠᠷ ᠥᠪ ᠬᠥᠷᠥᠩᠭᠡ ᠶᠢ ᠨᠢ ᠬᠤᠪᠢᠶᠠᠷᠢᠯᠠᠳᠠᠭ᠂ ᠡᠶᠢᠮᠦᠷᠬᠦᠦ ᠠᠷᠭ᠎ᠠ ᠮᠠᠶ᠋ᠢᠭ ᠨᠢ ᠬᠤᠯᠪᠣᠭᠳᠠᠯ ᠪᠦᠬᠦᠢ ᠭᠠᠶᠢᠯᠢ ᠰᠦᠢᠳᠬᠡᠯ ᠲᠤᠰᠢᠶᠠᠬᠤ ᠴᠢᠬᠤᠯᠠ ᠦᠭᠡᠢ ᠪᠥᠭᠡᠳ ᠡᠯ᠎ᠡ ᠵᠦᠢᠯ ᠤᠨ ᠪᠤᠳᠤᠯᠢᠶᠠᠨᠲᠠᠢ ᠮᠠᠲ᠋ᠧᠷᠢᠶᠠᠯ ᠢ ᠴᠤ ᠪᠡᠯᠡᠳᠬᠡᠬᠦ ᠴᠢᠬᠤᠯᠠ ᠦᠭᠡᠢ ᠶᠤᠮ᠃      ᠨᠠᠰᠤᠲᠠᠳ ᠦᠲᠡᠯᠦᠭᠡ ᠨᠠᠰᠤᠨ ᠳᠠᠭᠠᠨ ᠭᠡᠷ ᠪᠠᠶᠢᠰᠢᠩ ᠢᠶᠠᠨ ᠬᠤᠳᠠᠯᠳᠤᠭᠠᠳ ᠶᠡᠭᠡ ᠬᠡᠮᠵᠢᠶᠡᠨ ᠤ ᠪᠡᠯᠡᠨ ᠮᠥᠩᠭᠦ ᠲᠠᠢ ᠪᠣᠯᠪᠠᠯ᠂ ᠣᠯᠠᠨ ᠵᠦᠢᠯ ᠤᠨ ᠨᠠᠰᠤᠵᠢᠯ ᠤᠨ ᠠᠰᠠᠷᠠᠮᠵᠢ ᠶᠢᠨ ᠠᠷᠭ᠎ᠠ ᠮᠠᠶ᠋ᠢᠭ ᠢ ᠰᠣᠩᠭᠤᠵᠤ ᠪᠣᠯᠣᠨ᠎ᠠ᠄ ᠦᠷ᠎ᠡ ᠬᠡᠦᠬᠡᠳ ᠤᠨ ᠢᠶᠠᠨ ᠭᠡᠷ ᠲᠤ ᠰᠠᠭᠤᠵᠤ ᠪᠡᠶ᠎ᠡ ᠪᠠᠨ ᠰᠤᠪᠢᠯᠠᠬᠤ ᠃ ᠨᠡᠯᠢᠶᠡᠳ ᠳᠡᠭᠡᠳᠦ ᠲᠡᠰ ᠤᠨ ᠨᠠᠰᠤᠲᠠᠨ ᠢ ᠠᠰᠠᠷᠠᠬᠤ ᠬᠦᠷᠢᠶᠡᠯᠡᠩ ᠢ ᠰᠣᠩᠭᠤᠬᠤ ᠃ ᠡᠰᠡᠭᠦᠯ᠎ᠡ ᠤᠤᠯ ᠤᠨ ᠰᠠᠭᠤᠵᠤ ᠪᠠᠶᠢᠭᠰᠠᠨ ᠭᠠᠵᠠᠷ ᠲᠠᠭᠠᠨ ᠭᠡᠷ ᠲᠦᠷᠢᠶᠡᠰᠦᠯᠡᠨ ᠰᠠᠭᠤᠬᠤ ᠵᠡᠷᠭᠡ᠃      ᠶᠠᠷᠢᠶᠠᠨ ᠦᠭᠡᠢ ᠭᠡᠷ ᠢᠶᠠᠨ ᠬᠤᠳᠠᠯᠳᠤᠭᠰᠠᠨ ᠤ ᠳᠠᠷᠠᠭ᠎ᠠ ᠨᠠᠰᠤᠲᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠳᠤ ᠵᠣᠬᠢᠬᠤ ᠬᠤᠪᠢᠷᠠᠯᠲᠠ ᠭᠠᠷᠬᠤ ᠶᠢ ᠣᠮᠲᠣᠭᠠᠶᠢᠯᠠᠵᠤ ᠪᠤᠯᠬᠤ ᠦᠭᠡᠢ᠃
 
ᠢᠷᠡᠯᠲᠡ᠄ ᠬᠦᠭᠡᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号