ᠦᠰᠦᠭ ᠪᠢᠴᠢᠭ ᠢᠶᠠᠷ ᠦᠭᠦᠯᠡᠭᠦᠢ᠄ ᠬᠤᠯᠪᠣᠭᠠᠯᠠᠨ ᠡᠵᠡᠩᠨᠡᠬᠦ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠬᠠᠮᠲᠤ ᠶᠢᠨ ᠬᠡᠷᠡᠭᠯᠡᠭᠡᠨ ᠤ ᠭᠠᠵᠠᠷ ᠰᠢᠷᠦᠢ ᠶᠢ ᠬᠢᠨᠠᠨ ᠵᠥᠪᠰᠢᠶᠡᠷᠡᠬᠦ ᠲᠦᠷ ᠬᠡᠷᠡᠭᠵᠢᠭᠦᠯᠬᠦ ᠲᠣᠭᠲᠠᠭᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/11/26
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢᠨ ᠳᠥᠴᠢᠨ ᠲᠠᠪᠤᠳᠤᠭᠠᠷ ᠵᠦᠢᠯ ᠤᠨ ᠲᠠᠲᠠᠪᠤᠷᠢᠯᠠᠬᠤ ᠬᠡᠪᠴᠢᠶ᠎ᠡ ᠠᠴᠠ ᠭᠠᠳᠠᠨᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ  ᠬᠡᠷᠡᠭᠯᠡᠭᠡᠨ ᠤ ᠭᠠᠵᠠᠷ ᠰᠢᠷᠦᠢ ᠶᠢ ᠬᠢᠨᠠᠨ ᠵᠥᠪᠰᠢᠶᠡᠷᠡᠬᠦ ᠠᠰᠠᠭᠤᠳᠠᠯ ᠢ ᠰᠢᠢᠳᠪᠦᠷᠢᠯᠡᠵᠦ᠂ ᠬᠥᠳᠡᠭᠡ ᠲᠣᠰᠬᠤᠨ ᠤ ᠬᠠᠮᠲᠤ ᠶᠢᠨ ᠪᠥᠲᠥᠭᠡᠨ ᠪᠠᠶᠢᠭᠤᠯᠤᠯᠲᠠ ᠳᠤ  ᠬᠡᠷᠡᠭᠯᠡᠭᠡᠨ ᠤ ᠭᠠᠵᠠᠷ ᠰᠢᠷᠦᠢ ᠶᠢᠨ ᠥᠮᠴᠢᠯᠡᠭᠴᠢ ᠪᠠ ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠮᠠᠨ ᠤ ᠲᠣᠪᠴᠢᠶ᠎ᠠ ︽ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠠᠯᠠᠨ ᠡᠵᠡᠩᠨᠡᠬᠦ᠂ ᠬᠤᠪᠢ ᠣᠷᠣᠭᠤᠯᠬᠤ ᠠᠷᠭ᠎ᠠ ᠮᠠᠶ᠋ᠢᠭ ᠢᠶᠠᠷ ᠬᠠᠮᠲᠤ ᠶᠢᠨ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠲᠤᠬᠠᠶ ᠲᠦᠷ ᠬᠡᠷᠡᠭᠵᠢᠭᠦᠯᠬᠦ ᠲᠣᠭᠲᠠᠭᠠᠯ︾ ᠢ ᠲᠣᠭᠲᠠᠭᠠᠵᠤ᠂ ᠡᠳᠦᠭᠡ ᠳᠡᠭᠡᠷ᠎ᠡ ᠳᠤᠷᠠᠳᠤᠭᠰᠠᠨ ᠲᠦᠷ ᠬᠡᠷᠡᠭᠵᠢᠭᠦᠯᠬᠦ ᠲᠣᠭᠲᠠᠭᠠᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠲᠠᠶᠢᠯᠤᠮᠵᠢ ᠬᠢᠪᠠ᠃      ᠨᠢᠭᠡ᠂ ᠬᠤᠯᠪᠣᠭᠠᠯᠠᠨ ᠡᠵᠡᠩᠨᠡᠬᠦ᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠬᠠᠮᠲᠤ ᠶᠢᠨ ᠬᠡᠷᠡᠭᠯᠡᠭᠡᠨ  ᠤ ᠭᠠᠵᠠᠷ ᠰᠢᠷᠦᠢ ᠶᠢ ᠬᠢᠨᠠᠨ ᠵᠥᠪᠰᠢᠶᠡᠷᠡᠬᠦ ᠲᠦᠷ ᠬᠡᠷᠡᠭᠵᠢᠭᠦᠯᠬᠦ ᠲᠣᠭᠲᠠᠭᠠᠯ ᠢ ᠲᠣᠭᠲᠠᠭᠠᠭᠰᠠᠨ ᠦᠨᠳᠦᠰᠦᠯᠡᠯ ᠨᠢ ᠶᠠᠭᠤ ᠪᠣᠶ︖      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ︽ᠬᠠᠮᠲᠤᠷᠠᠨ ᠡᠵᠡᠩᠨᠡᠬᠦ ︵ᠬᠤᠪᠢ ᠣᠷᠣᠭᠤᠯᠬᠤ︶ ᠠᠷᠭ᠎ᠠ ᠮᠠᠶ᠋ᠢᠭ ᠢᠶᠠᠷ ᠬᠠᠮᠲᠤ ᠶᠢᠨ ᠬᠡᠷᠡᠭᠯᠡᠭᠡᠨ ᠤ ᠭᠠᠵᠠᠷ ᠰᠢᠷᠦᠢ ᠶᠢ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠪᠢᠴᠢᠭ︾ ︵ᠥᠪᠥᠷ ᠪᠠᠶᠢᠭᠠᠯᠢ ᠶᠢᠨ ᠡᠬᠢ ᠪᠠᠶᠠᠯᠢᠭ ᠪᠢᠴᠢᠭ ﹇2023﹈ 1027 ᠳ᠋ᠤᠭᠠᠷ ᠲᠣᠭᠠᠲᠤ︶ ᠤᠨ ᠵᠡᠷᠭᠡ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠵᠠᠯᠠᠶᠢᠳ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ︽ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠠᠯᠠᠨ ᠡᠵᠡᠩᠨᠡᠬᠦ᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠬᠠᠮᠲᠤ ᠶᠢᠨ  ᠪᠢᠴᠢᠭ ᠬᠢᠨᠠᠨ ᠵᠥᠪᠰᠢᠶᠡᠷᠡᠬᠦ ᠲᠤᠬᠠᠶ ᠲᠦᠷ ᠬᠡᠷᠡᠭᠵᠢᠭᠦᠯᠬᠦ ᠲᠣᠭᠲᠠᠭᠠᠯ︾ ᠢ ᠳᠠᠷᠤᠮᠠᠯᠯᠠᠨ ᠲᠠᠷᠬᠠᠭᠠᠪᠠ       ᠬᠤᠶᠠᠷ᠂  ᠬᠤᠯᠪᠣᠭᠠᠯᠠᠨ ᠡᠵᠡᠩᠨᠡᠬᠦ᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠬᠠᠮᠲᠤ ᠶᠢᠨ ᠬᠡᠷᠡᠭᠯᠡᠭᠡᠨ ᠤ ᠭᠠᠵᠠᠷ ᠰᠢᠷᠦᠢ ᠶᠢ ᠬᠢᠨᠠᠨ ᠵᠥᠪᠰᠢᠶᠡᠷᠡᠬᠦ ᠲᠦᠷ ᠬᠡᠷᠡᠭᠵᠢᠭᠦᠯᠬᠦ ᠲᠣᠭᠲᠠᠭᠠᠯ ᠤᠨ ᠠᠴᠢ ᠬᠤᠯᠪᠣᠭᠳᠠᠯ ᠨᠢ ᠶᠠᠭᠤ ᠪᠣᠶ︖      ᠬᠠᠮᠲᠤ ᠶᠢᠨ ᠬᠡᠷᠡᠭᠯᠡᠭᠡᠨ ᠤ ᠭᠠᠵᠠᠷ ᠰᠢᠷᠦᠢ ᠶᠢ ᠬᠢᠨᠠᠨ ᠵᠥᠪᠰᠢᠶᠡᠷᠡᠬᠦ ᠲᠦᠷ ᠬᠡᠷᠡᠭᠵᠢᠭᠦᠯᠬᠦ ᠲᠣᠭᠲᠠᠭᠠᠯ ᠢ ᠪᠠᠶᠢᠭᠤᠯᠬᠤ ᠪᠣᠯ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠠᠷᠭ᠎ᠠ ᠬᠡᠮᠵᠢᠶ᠎ᠡ ᠮᠥᠨ᠂ ᠭᠠᠵᠠᠷ ᠰᠢᠷᠣᠶ ᠲᠠᠲᠠᠪᠤᠷᠢᠯᠠᠬᠤ ᠲᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢᠨ ᠳᠥᠴᠢᠨ ᠲᠠᠪᠤᠳᠤᠭᠠᠷ ᠵᠦᠢᠯ ᠤᠨ ᠲᠠᠲᠠᠪᠤᠷᠢᠯᠠᠬᠤ ᠬᠦᠷᠢᠶ᠎ᠡ ᠬᠡᠪᠴᠢᠶᠡᠨ ᠤ ᠲᠣᠭᠲᠠᠭᠠᠯ ᠠᠴᠠ ᠭᠠᠳᠠᠨᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠭᠡᠨ ᠤ ᠭᠠᠵᠠᠷ ᠰᠢᠷᠦᠢ ᠶᠢ ᠬᠢᠨᠠᠨ ᠵᠥᠪᠰᠢᠶᠡᠷᠡᠬᠦ ᠳᠤ ᠲᠤᠯᠭᠠᠷᠠᠭᠰᠠᠨ ᠲᠠᠲᠠᠪᠤᠷᠢᠯᠠᠬᠤ ᠠᠰᠠᠭᠤᠳᠠᠯ ᠢ ᠰᠢᠢᠳᠪᠦᠷᠢᠯᠡᠬᠦ᠂ ᠬᠥᠳᠡᠭᠡ ᠲᠣᠰᠬᠤᠨ ᠤ ᠬᠠᠮᠲᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠥᠮᠴᠢᠯᠡᠭᠴᠢ ᠪᠠ ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠂ ᠵᠠᠰᠠᠭ ᠤᠨ ᠣᠷᠳᠣᠨ ᠤ  ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃      ᠭᠤᠷᠪᠠ᠂ ᠬᠤᠯᠪᠣᠭᠠᠯᠠᠨ ᠡᠵᠡᠩᠨᠡᠬᠦ᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠬᠠᠮᠲᠤ ᠶᠢᠨ ᠬᠡᠷᠡᠭᠯᠡᠭᠡᠨ ᠤ ᠭᠠᠵᠠᠷ ᠰᠢᠷᠦᠢ ᠶᠢ ᠬᠢᠨᠠᠨ ᠵᠥᠪᠰᠢᠶᠡᠷᠡᠬᠦ ᠳᠤ ᠶᠠᠮᠠᠷ ᠨᠦᠭᠦᠴᠡᠯ ᠢ ᠭᠦᠢᠴᠡᠳᠬᠡᠬᠦ ᠪᠣᠶ︖      ᠬᠤᠯᠪᠣᠭᠠᠯᠠᠨ ᠡᠵᠡᠩᠨᠡᠬᠦ᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠬᠠᠮᠲᠤ ᠶᠢᠨ ᠭᠠᠵᠠᠷ ᠰᠢᠷᠣᠶ ᠶᠢ ᠬᠡᠷᠡᠭᠯᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠨᠢ ᠡᠷᠬᠡᠪᠰᠢ ᠬᠤᠰᠢᠭᠤ ᠰᠤᠮᠤ ᠰᠢᠶᠠᠩ ᠪᠠᠯᠭᠠᠰᠤ ᠬᠤᠶᠠᠷ ᠱᠠᠲᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠵᠢᠴᠢ ᠬᠠᠮᠢᠶ᠎ᠠ ᠪᠥᠬᠦᠶ ᠲᠥᠯᠥᠪᠵᠢᠭᠦᠯᠭᠡ ᠳᠤ ᠨᠡᠶᠢᠴᠡᠵᠦ᠂ ᠠᠵᠤ ᠤᠶᠢᠯᠡᠰ ᠤᠨ ᠵᠥᠪᠰᠢᠶᠡᠷᠡᠨ ᠣᠷᠣᠭᠤᠯᠬᠤ ᠱᠠᠭᠠᠷᠳᠠᠯᠭ᠎ᠠ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃      ᠬᠠᠮᠲᠤᠷᠠᠨ ᠡᠵᠡᠩᠨᠡᠬᠦ᠂ ᠬᠤᠪᠢ ᠣᠷᠣᠭᠤᠯᠬᠤ ᠳᠤ ᠬᠡᠷᠡᠭᠯᠡᠬᠦ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠶ ᠶᠢᠨ ᠥᠮᠴᠢᠯᠡᠬᠦ ᠡᠷᠬᠡ ᠨᠢ ᠡᠷᠬᠡᠪᠰᠢ ᠲᠣᠳᠣᠷᠬᠠᠶ ᠪᠠᠶᠢᠬᠤ ᠶᠢᠨ ᠬᠠᠮᠲᠤ ᠭᠠᠵᠠᠷ ᠰᠢᠷᠣᠶ ᠶᠢᠨ ᠥᠮᠴᠢᠯᠡᠬᠦ ᠡᠷᠬᠡ ᠶᠢᠨ ᠳᠠᠩᠰᠠᠯᠠᠯ ᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠶ᠃ ᠦᠯᠡᠳᠡᠭᠳᠡᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠨᠢ ᠡᠷᠬᠡᠪᠰᠢ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠦᠢ ᠶᠢᠨ ᠬᠡᠷᠡᠭᠯᠡᠬᠦ ᠡᠷᠬᠡ ᠶᠢᠨ ᠳᠠᠩᠰᠠᠯᠠᠯ ᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠶ᠃      ᠳᠥᠷᠪᠡ᠂ ᠬᠤᠯᠪᠣᠭᠠᠯᠠᠨ ᠡᠵᠡᠩᠨᠡᠬᠦ᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠬᠠᠮᠲᠤ ᠶᠢᠨ ᠬᠡᠷᠡᠭᠯᠡᠭᠡᠨ ᠤ ᠭᠠᠵᠠᠷ ᠰᠢᠷᠦᠢ ᠶᠢ ᠬᠢᠨᠠᠨ ᠵᠥᠪᠰᠢᠶᠡᠷᠡᠬᠦ ᠳᠤ ᠶᠠᠮᠠᠷ ᠲᠠᠰ ᠳᠠᠷᠠᠭᠠᠯᠠᠯ ᠲᠠᠢ ᠪᠣᠶ︖      ᠬᠠᠮᠲᠤᠷᠠᠨ ᠡᠵᠡᠩᠨᠡᠬᠦ᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠬᠠᠮᠲᠤ ᠶᠢᠨ ᠭᠠᠵᠠᠷ ᠰᠢᠷᠣᠶ ᠶᠢ ᠬᠡᠷᠡᠭᠯᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠶᠤᠴᠢᠯᠠᠬᠤ᠂ ᠨᠠᠶᠢᠷᠠᠭᠤᠯᠤᠨ ᠵᠣᠬᠢᠶᠠᠬᠤ ᠲᠥᠰᠦᠯ᠂ ᠲᠥᠰᠦᠯ ᠢ ᠴᠤᠬᠤᠯᠠᠪᠤᠷᠢᠯᠠᠬᠤ᠂ ᠵᠠᠷᠯᠠᠨ ᠨᠡᠶᠢᠲᠡᠯᠡᠬᠦ᠂ ᠭᠡᠷ᠎ᠡ ᠲᠣᠭᠲᠠᠬᠤ᠂ ᠵᠠᠷᠤᠳᠠᠯ ᠲᠤᠰᠢᠶᠠᠬᠤ᠂ ᠲᠠᠷᠢᠶᠠᠯᠠᠩ ᠳᠤ ᠬᠡᠷᠡᠭᠯᠡᠬᠦ ᠭᠠᠵᠠᠷ ᠰᠢᠷᠣᠶ ᠶᠢ ᠰᠢᠯᠵᠢᠭᠦᠯᠦᠨ ᠬᠡᠷᠡᠭᠯᠡᠬᠦ ᠶᠢ ᠬᠢᠨᠠᠨ ᠵᠦᠪᠰᠢᠶᠡᠷᠡᠬᠦ᠂ ᠭᠠᠵᠠᠷ ᠰᠢᠷᠣᠶ ᠬᠠᠩᠭᠠᠬᠤ᠂ ᠳᠠᠩᠰᠠᠯᠠᠭᠤᠯᠬᠤ ᠵᠢᠴᠢ ᠲᠡᠮᠳᠡᠭᠯᠡᠬᠦ᠂ ᠭᠠᠵᠠᠷ ᠰᠢᠷᠣᠶ ᠶᠢ ᠡᠭᠡᠭᠦᠯᠦᠨ ᠬᠤᠷᠢᠶᠠᠬᠤ ᠵᠡᠷᠭᠡ ᠳᠤ ᠲᠣᠭᠲᠠᠭᠠᠯ ᠭᠠᠷᠭᠠᠵᠠᠢ᠃      1. ᠲᠥᠷᠥᠯ ᠵᠦᠢᠯ ᠤᠨ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢ ᠵᠣᠬᠢᠴᠠᠭᠤᠯᠤᠨ ᠵᠣᠬᠢᠶᠠᠨ ᠪᠠᠶᠢᠭᠤᠯᠬᠤ ᠲᠥᠯᠥᠪᠵᠢᠭᠦᠯᠭᠡ ᠶᠢᠨ ᠨᠥᠬᠦᠴᠡᠯ᠂ ᠠᠵᠤ ᠦᠢᠯᠡᠰ ᠤᠨ ᠵᠥᠪᠰᠢᠶᠡᠷᠡᠨ ᠣᠷᠣᠭᠤᠯᠬᠤ ᠱᠠᠭᠠᠷᠳᠠᠯᠭ᠎ᠠ ᠪᠣᠯᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠵᠡᠷᠭᠡ ᠶᠢ ᠦᠨᠳᠦᠰᠦᠯᠡᠨ᠂ ᠬᠥᠳᠡᠭᠡ ᠲᠣᠰᠬᠤᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠦᠢ ᠶᠢ ᠬᠤᠯᠪᠣᠭᠠᠯᠠᠨ ᠡᠵᠡᠩᠨᠡᠬᠦ᠂ ᠬᠤᠪᠢ ᠣᠷᠣᠬᠤ ᠲᠥᠰᠦᠯ ᠢ ᠨᠠᠶᠢᠷᠠᠭᠤᠯᠤᠨ ᠵᠣᠬᠢᠶᠠᠬᠤ ᠶᠠᠪᠤᠳᠠᠯ ᠢ ᠬᠠᠷᠢᠭᠤᠴᠠᠨ᠎ᠠ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠭᠠᠴᠠᠭ᠎ᠠ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ 2/3 ᠭᠠᠴᠠᠭ᠎ᠠ ᠲᠣᠰᠬᠤᠨ ᠤ ᠠᠷᠠᠳ ᠤᠨ ᠲᠥᠯᠥᠭᠡᠯᠡᠭᠴᠢ ᠪᠠᠷ ᠵᠥᠪᠰᠢᠶᠡᠷᠡᠭᠦᠯᠬᠦ ᠶᠢᠨ ᠬᠠᠮᠲᠤ ᠪᠢᠴᠢᠭᠯᠡᠭᠰᠡᠨ ᠰᠠᠨᠠᠯ ᠭᠠᠷᠭᠠᠨ᠎ᠠ᠃      2. ᠬᠤᠯᠪᠣᠭᠠᠯᠠᠨ ᠡᠵᠡᠩᠨᠡᠬᠦ᠂ ᠬᠤᠪᠢ ᠣᠷᠣᠭᠤᠯᠬᠤ ᠲᠥᠰᠦᠯ ᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠠᠩᠬ᠎ᠠ ᠬᠢᠨᠠᠭᠤᠯᠵᠤ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠳᠠᠬᠢᠨ ᠬᠢᠨᠠᠭᠤᠯᠤᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠴᠣᠬᠤᠯᠠᠪᠤᠷᠢᠯᠠᠬᠤ ᠶᠢᠨ ᠬᠠᠮᠲᠤ ᠵᠠᠷᠯᠠᠨ ᠨᠡᠶᠢᠲᠡᠯᠡᠬᠦ ᠲᠠᠰ ᠳᠠᠷᠠᠭᠠᠯᠠᠯ ᠢ ᠭᠦᠢᠴᠡᠳᠬᠡᠨ᠎ᠡ᠃      3. ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠨᠢ ᠲᠥᠷᠥᠯ ᠵᠦᠢᠯ ᠤᠨ ᠨᠢᠭᠡᠴᠢ ᠪᠤᠶᠤ ᠬᠤᠪᠢ ᠬᠥᠮᠦᠨ ᠲᠠᠢ ︽ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠦᠢ ᠶᠢ ᠬᠡᠷᠡᠭᠯᠡᠬᠦ ᠡᠷᠬᠡ ᠲᠠᠢ ᠬᠤᠯᠪᠣᠭᠠᠯᠠᠨ ᠡᠵᠡᠩᠨᠡᠬᠦ᠂ ᠬᠤᠪᠢ ᠣᠷᠣᠭᠤᠯᠬᠤ ᠭᠡᠷ᠎ᠡ︾ ᠲᠣᠭᠲᠠᠨ᠎ᠠ᠃      4. ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠢ ᠬᠠᠤᠯᠢ ᠶᠣᠰᠣᠭᠠᠷ ᠬᠤᠷᠢᠶᠠᠨ ᠠᠪᠤᠨ᠎ᠠ᠃      5. ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠲᠠᠷᠢᠶᠠᠯᠠᠩ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠡᠷᠡᠭᠯᠡᠬᠦ ᠲᠠᠰ ᠳᠠᠷᠠᠭᠠᠯᠠᠯ ᠢ ᠭᠤᠶᠤᠴᠢᠯᠠᠨ᠎ᠠ᠃      6. ᠲᠠᠷᠢᠶᠠᠯᠠᠩ ᠳᠤ ᠬᠡᠷᠡᠭᠯᠡᠬᠦ ᠭᠠᠵᠠᠷ ᠰᠢᠷᠦᠢ ᠶᠢ ᠰᠢᠯᠵᠢᠭᠦᠯᠦᠨ ᠬᠡᠷᠡᠭᠯᠡᠬᠦ ᠶᠢ ᠬᠢᠨᠠᠨ ᠵᠥᠪᠰᠢᠶᠡᠷᠡᠵᠦ ᠳᠠᠭᠤᠰᠤᠭᠰᠠᠨ ᠤ ᠳᠠᠷᠠᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠦᠢ ᠶᠢ ᠬᠡᠷᠡᠭᠯᠡᠬᠦ ᠡᠷᠬᠡ ᠶᠢᠨ ᠦᠨᠡᠮᠯᠡᠯ ᠢ ᠭᠦᠢᠴᠡᠳᠬᠡᠨ᠎ᠡ᠃      ᠲᠠᠪᠤ᠂ ︽ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠤᠯᠪᠣᠭᠠᠯᠠᠨ ᠡᠵᠡᠩᠨᠡᠬᠦ᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠬᠠᠮᠲᠤ ᠶᠢᠨ ᠬᠡᠷᠡᠭᠯᠡᠬᠦ ᠭᠠᠵᠠᠷ ᠰᠢᠷᠦᠢ ᠶᠢ ᠬᠢᠨᠠᠨ ᠵᠥᠪᠰᠢᠶᠡᠷᠡᠬᠦ ᠲᠦᠷ ᠬᠡᠷᠡᠭᠵᠢᠭᠦᠯᠬᠦ ᠲᠣᠭᠲᠠᠭᠠᠯ︾ ᠢ ᠬᠡᠷᠡᠭᠵᠢᠭᠦᠯᠦᠭᠰᠡᠨ ᠤ ᠳᠠᠷᠠᠭ᠎ᠠ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ ᠶᠢ ᠬᠡᠷᠬᠢᠨ ᠪᠡᠶᠡᠯᠡᠭᠦᠯᠬᠦ ᠪᠣᠶ︖      ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠠᠮᠲᠤᠷᠠᠨ ᠡᠵᠡᠩᠨᠡᠭᠰᠡᠨ ︵ᠬᠤᠪᠢ ᠣᠷᠣᠭᠤᠯᠬᠤ︶ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠦᠢ ᠶᠢᠨ ᠲᠥᠯᠥᠪᠵᠢᠭᠦᠯᠭᠡ ᠶᠢᠨ ᠨᠥᠬᠦᠴᠡᠯ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠡᠷᠴᠢᠮ ᠵᠡᠷᠭᠡ ᠶᠢ ᠬᠢᠨᠠᠨ ᠬᠠᠮᠢᠶᠠᠷᠬᠤ ᠶᠢ ᠬᠠᠷᠢᠭᠤᠴᠠᠵᠤ᠂ ᠲᠥᠯᠥᠪᠵᠢᠭᠦᠯᠭᠡ ᠶᠢᠨ ᠨᠥᠬᠦᠴᠡᠯ ᠶᠣᠰᠣᠭᠠᠷ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ ᠦᠭᠡᠢ ᠪᠠᠶᠢᠪᠠᠯ ᠰᠢᠳᠬᠡᠨ᠎ᠡ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ  ᠰᠢᠷᠦᠢ ᠶᠢ ᠬᠡᠷᠡᠭᠯᠡᠬᠦ ᠡᠷᠬᠡ ᠶᠢ ᠬᠠᠮᠲᠤᠷᠠᠨ ᠡᠵᠡᠩᠨᠡᠬᠦ᠂ ᠬᠤᠪᠢ ᠣᠷᠣᠭᠤᠯᠬᠤ ᠭᠡᠷ᠎ᠡ︾ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠮᠥᠷᠳᠡᠨ ᠬᠢᠨᠠᠯᠲᠠ ᠲᠠᠯᠪᠢᠵᠤ᠂ ᠵᠦᠶ ᠵᠣᠬᠢᠰᠲᠠᠶ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠬᠠᠷᠢᠴᠠᠯ ᠢ ᠲᠣᠭᠲᠠᠭᠠᠵᠤ᠂ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠭᠠᠵᠠᠷ ᠰᠢᠷᠦᠢ ᠬᠡᠷᠡᠭᠯᠡᠬᠦ ᠨᠢᠭᠡᠴᠢ ᠪᠠ ᠬᠤᠪᠢ ᠬᠥᠮᠦᠨ ᠤ ᠬᠠᠮᠲᠤ ᠶᠢᠨ ᠭᠠᠵᠠᠷ ᠰᠢᠷᠣᠶ ᠶᠢ ᠲᠣᠭᠲᠠᠭᠤᠨ ᠢᠶᠠᠷ ᠠᠰᠢᠭᠯᠠᠬᠤ ᠶᠢ ᠪᠠᠲᠤᠯᠠᠨ᠎ᠠ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号