11 ᠰᠠᠷ᠎ᠠ ᠶᠢᠨ 25 ᠤ ᠡᠳᠦᠷ᠂ ᠰᠤᠷᠪᠤᠯᠵᠢᠯᠠᠭᠴᠢ ᠬᠢᠩᠭᠠᠨ ᠠᠶᠢᠮᠠᠭ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠠᠴᠠ ᠤᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠡᠶᠢᠳᠡᠮ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ 2 | ᠲᠥᠷᠥᠯ ᠵᠦᠢᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠳᠡ ᠪᠠ | ᠥᠭᠡᠷᠡᠴᠢᠯᠡᠯᠲᠡ ᠶᠢᠨ ᠵᠥᠪᠯᠡᠯ ᠤᠨ ᠬᠢᠨᠠᠨ ᠵᠦᠪᠰᠢᠶᠡᠷᠡᠯ ᠢ ᠤᠯᠤᠭᠰᠠᠨ ᠪᠠᠶᠢᠨ᠎ᠠ᠃ ᠳᠤᠰ ᠲᠥᠷᠥᠯ ᠵᠦᠢᠯ ᠢ | ᠬᠡᠷᠡᠭᠵᠢᠭᠦᠯᠬᠦ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠳᠤ ᠨᠢᠰᠭᠡᠯ ᠤᠨ ᠪᠠᠭᠤᠳᠠᠯ ᠥᠬᠡᠶ ᠪᠠᠶᠢᠬᠰᠡᠨ ᠬᠤᠭᠤᠰᠣᠨ ᠢ ᠨᠥᠬᠦᠪᠥᠷᠢᠯᠡᠵᠦ᠂ ᠬᠢᠩᠭᠠᠨ ᠠᠶᠢᠮᠠᠭ ᠤᠨ | 6 ᠬᠤᠰᠢᠭᠤ ᠰᠢᠶᠠᠨ ᠬᠤᠲᠠ ᠳᠤ ᠨᠡᠶᠢᠳᠡᠮ ᠤᠨ ᠬᠡᠷᠡᠭᠯᠡᠭᠡᠨ ᠤ ᠠᠷᠠᠳ ᠤᠨ ᠠᠭᠠᠷ ᠤᠨ ᠲᠡᠭᠡᠭᠡᠪᠦᠷᠢ ᠶᠢᠨ | ᠨᠢᠰᠭᠡᠯ ᠤᠨ ᠪᠠᠭᠤᠳᠠᠯ ᠢ ᠪᠦᠬᠦᠨ ᠢ ᠬᠠᠮᠤᠷᠬᠤ ᠶᠢ ᠪᠡᠶᠡᠯᠡᠭᠦᠯᠬᠦ ᠪᠤᠯᠤᠨ᠎ᠠ᠃ ᠡᠨᠡ ᠨᠢ ᠬᠢᠩᠭᠠᠨ ᠠᠶᠢᠮᠠᠭ ᠤᠨ ᠥᠢᠷ᠎ᠠ | ᠤᠭᠳᠠᠷᠭᠤᠢ ᠶᠢᠨ ᠠᠵᠤ ᠠᠬᠤᠶ ᠶᠢ ᠬᠦᠭᠵᠢᠭᠦᠯᠬᠦ ᠳᠤ ᠲᠠᠪᠴᠠᠩ ᠤᠨ ᠪᠠᠲᠤᠯᠠᠭ᠎ᠠ ᠬᠠᠨᠭ᠍ᠭᠠᠭᠰᠠᠨ ᠮᠥᠷᠲᠡᠭᠡᠨ ᠬᠢᠩᠭᠠᠨ | ᠠᠶᠢᠮᠠᠭ ᠤᠨ ᠠᠵᠤ ᠠᠬᠤᠶ ᠨᠡᠶᠢᠭᠡᠮ ᠤᠨ ᠬᠦᠭᠵᠢᠯᠳᠡ ᠪᠠ ᠵᠢᠭᠤᠯᠴᠢᠯᠠᠯ ᠤᠨ ᠦᠢᠯᠡᠰ ᠤᠨ ᠬᠦᠭᠵᠢᠯᠳᠡ ᠳᠤ ᠴᠦ | ᠴᠢᠬᠤᠯᠠ ᠲᠤᠯᠭᠠᠭᠤᠷᠢᠯᠠᠯ ᠬᠠᠨᠭ᠍ᠭᠠᠭᠰᠠᠨ ᠪᠠᠶᠢᠨ᠎ᠠ᠃ | ᠤᠶᠢᠯᠠᠭᠠᠭᠰᠠᠨ ᠢᠶᠠᠷ ᠳᠤᠰ ᠨᠢᠰᠭᠡᠯ ᠤᠨ ᠪᠠᠭᠤᠳᠠᠯ ᠤᠨ 2 ᠨᠢᠰᠦᠯᠲᠡ ᠶᠢᠨ ᠲᠣᠭᠤᠷᠢᠭ ᠤᠨ ᠲᠠᠰ ᠨᠢ 2B᠂ | ᠭᠦᠶᠦᠯᠲᠡ ᠶᠢᠨ ᠵᠠᠮ ᠤᠨ ᠣᠷᠳᠣ ᠨᠢ 1200 ᠮᠧᠲᠷ᠂ ᠲᠠᠰ ᠨᠢ A1 ᠪᠣᠯᠬᠤ ᠨᠡᠶᠢᠳᠡᠮ ᠤᠨ ᠬᠡᠷᠡᠭᠯᠡᠭᠡᠨ ᠤ | ᠨᠢᠰᠭᠡᠯ ᠤᠨ ᠪᠠᠭᠤᠳᠠᠯ ᠪᠤᠯᠤᠨ᠎ᠠ᠃ ᠤᠳᠤ ᠨᠡᠶᠢᠲᠡ 1.23 ᠳ᠋ᠦᠡᠭᠰᠢᠭᠤᠷ ᠲᠥᠭᠦᠷᠢᠭ ᠤᠨ ᠪᠠᠯᠠ ᠣᠷᠣᠭᠤᠯᠤᠨ᠂ | 2025 ᠣᠨ ᠤ 4 ᠰᠠᠷ᠎ᠠ ᠳᠤ ᠠᠵᠢᠯ ᠢᠶᠠᠨ ᠡᠬᠢᠯᠡᠭᠦᠯᠬᠦ ᠪᠠᠷ ᠳᠦᠯᠦᠪᠯᠡᠵᠦ᠂ 2025 ᠣᠨ ᠤ ᠰᠡᠭᠦᠯᠴᠢ ᠪᠠᠷ | ᠪᠠᠶᠢᠭᠤᠯᠵᠤ ᠳᠠᠭᠤᠰᠬᠠᠭᠠᠳ ᠠᠶᠠᠯᠠᠯ ᠨᠡᠪᠲᠡᠷᠡᠬᠦ ᠪᠠᠷ ᠵᠢᠱᠢᠵᠦ ᠪᠤᠢ᠃ | ᠲᠠᠷᠠᠭᠠᠴᠢ ᠶᠢᠨ ᠠᠯᠬᠤᠮ ᠳᠤ᠂ ᠬᠢᠩᠭᠠᠨ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠲᠣᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠨᠡᠶᠢᠳᠡᠮ ᠤᠨ ᠬᠡᠷᠡᠭᠯᠡᠭᠡᠨ ᠤ | ᠨᠢᠰᠭᠡᠯ ᠤᠨ ᠪᠠᠭᠤᠳᠠᠯ ᠤᠨ ᠠᠵᠤ ᠦᠢᠯᠡᠰ ᠤᠨ ᠲᠣᠭᠤᠷᠢᠨ ᠳᠤ ︽ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ | + ᠰᠣᠶᠣᠯ ᠵᠢᠭᠤᠯᠴᠢᠯᠠᠯ︾᠂ ︽ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ + ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ︾᠂ ︽ᠨᠡᠶᠢᠳᠡᠮ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ + ᠲᠠᠷᠢᠶᠠᠯᠠᠩ ᠣᠶ | ᠰᠢᠭᠤᠢ ᠶᠢᠨ ᠬᠡᠷᠡᠭᠯᠡᠭᠡᠨ︾ ᠵᠡᠷᠭᠡ ᠲᠠᠯᠠᠪᠤᠷ ᠢ ᠢᠳᠡᠪᠬᠢᠲᠡᠶ ᠬᠠᠶᠢᠨ ᠰᠦᠪᠡᠭᠴᠢᠯᠡᠬᠦ ᠪᠠᠷ ᠪᠤᠢ᠃ |