| | ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠤ ᠤᠷᠤᠭᠤᠯᠬᠤ ᠢᠨᠵᠧᠨᠧᠷᠢᠩ ᠪᠣᠯ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠪᠣᠯᠲᠠᠯ᠎ᠠ ᠪᠡᠯᠡ ᠣᠷᠣᠭᠤᠯᠤᠭᠰᠠᠨ ᠬᠡᠪᠴᠢᠶ᠎ᠡ ᠪᠠᠷ | ᠬᠠᠮᠤᠭ ᠤᠨ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠪᠣᠯᠤᠨ᠎ᠠ᠃ ᠦᠨᠳᠡᠭᠡᠨ ᠤᠰᠤᠨ ᠠᠰᠢᠭᠯᠠᠯᠲᠠ ᠶᠢᠨ | ᠬᠦᠢᠰᠤ ᠨᠢ ᠴᠤᠤᠯ ᠭᠤᠤᠯ ᠤᠨ ᠤᠰᠤ ᠶᠢ ᠯᠢᠶᠣᠤ ᠾᠧ ᠭᠤᠤᠯ ᠳᠤ ᠲᠠᠲᠠᠵᠤ ᠤᠷᠤᠭᠤᠯᠬᠤ ᠢᠨᠵᠧᠨᠧᠷᠢᠩ ᠤᠨ | ᠤᠰᠤ ᠲᠠᠳᠠᠬᠤ ᠳᠠᠭᠠᠭᠤᠯᠤᠭᠴᠢ ᠪᠣᠯᠤᠭᠰᠠᠨ ᠤ ᠬᠤᠪᠢ ᠳᠤ ᠤᠰᠤ ᠬᠠᠩᠭᠠᠬᠤ ᠪᠠᠷ ᠭᠤᠤᠯ ᠪᠣᠯᠭᠠᠬᠤ ᠶᠢᠨ ᠬᠠᠮᠳᠣ | ᠴᠠᠬᠢᠯᠭᠠᠨ ᠭᠠᠷᠭᠠᠵᠤ ᠪᠠᠶᠢᠨ᠎ᠠ᠃ ᠣᠳᠣᠬᠠᠨ ᠪᠣᠯᠲᠠᠯ᠎ᠠ ᠴᠤᠤᠯ ᠭᠤᠤᠯ ᠤᠨ ᠤᠰᠤ ᠶᠢ ᠯᠢᠶᠣᠤ ᠾᠧ ᠭᠤᠤᠯ ᠳᠤ | ᠲᠠᠲᠠᠵᠤ ᠤᠷᠤᠭᠤᠯᠬᠤ ᠺᠣᠮᠫᠠᠨᠢ ᠶᠢᠨ ᠦᠨᠳᠡᠭᠡᠨ ᠤᠰᠤᠨ ᠴᠠᠬᠢᠯᠭᠠᠨ ᠤ ᠦᠢᠯᠡᠳᠪᠦᠷᠢ ᠨᠡᠶᠢᠲᠡ 1.1 ᠳ᠋ᠦᠩᠰᠢᠭᠤᠷ | ᠺᠢᠯᠣᠸᠠᠲ ᠴᠠᠭ ᠴᠠᠬᠢᠯᠭᠠᠨ ᠭᠠᠷᠭᠠᠵᠤ᠂ ᠵᠢᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 1 ᠳ᠋ᠦᠩᠰᠢᠭᠤᠷ ᠺᠢᠯᠣᠸᠠᠲ | ᠴᠠᠭ ᠢ ᠲᠠᠪᠠᠨ᠂ ᠵᠢᠯ ᠤᠨ ᠴᠠᠬᠢᠯᠭᠠᠨ ᠭᠠᠷᠭᠠᠬᠤ ᠬᠠᠷᠠᠯᠲᠠ ᠪᠠᠨ ᠪᠡᠶᠡᠯᠡᠭᠦᠯᠪᠡ᠃ ᠣᠳᠣᠬᠠᠨ ᠳᠤ᠂ ᠦᠨᠳᠡᠭᠡᠨ | ᠤᠰᠤᠨ ᠤ ᠴᠠᠬᠢᠯᠭᠠᠨ ᠤ ᠦᠢᠯᠡᠳᠪᠦᠷᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠠᠵᠢᠯᠯᠠᠭᠠᠨ | ᠤᠷᠤᠭᠰᠢᠲᠠᠶ ᠶᠠᠪᠤᠭᠳᠠᠵᠤ᠂ ᠠᠵᠤ ᠠᠬᠤᠶ ᠶᠢᠨ ᠦᠷ᠎ᠡ ᠠᠰᠢᠭ ᠢᠯᠡᠷᠬᠡᠶ ᠪᠠᠶᠢᠨ᠎ᠠ᠃ | ᠴᠠᠬᠢᠯᠭᠠᠨ ᠭᠠᠷᠭᠠᠬᠤ ᠠᠵᠢᠯ ᠢ ᠦᠨᠡᠨ ᠬᠦ ᠰᠠᠶᠢᠲᠤᠷ ᠬᠢᠬᠦ ᠪᠠᠷ ᠴᠤᠤᠯ ᠭᠤᠤᠯ ᠤᠨ ᠤᠰᠤ ᠶᠢ ᠯᠢᠶᠣᠤ ᠾᠧ | ᠭᠤᠤᠯ ᠳᠤ ᠲᠠᠲᠠᠵᠤ ᠣᠷᠣᠭᠤᠯᠬᠤ ᠺᠣᠮᠫᠠᠨᠢ ᠶᠢᠨ ᠦᠨᠳᠡᠭᠡᠨ ᠤᠰᠤᠨ ᠴᠠᠬᠢᠯᠭᠠᠨ ᠤ | ᠦᠢᠯᠡᠳᠪᠦᠷᠢ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠪᠥᠬᠦ ᠲᠠᠯ᠎ᠠ ᠪᠠᠷ ᠬᠢᠨᠠᠨ ᠡᠵᠡᠮᠳᠡᠵᠦ᠂ ᠠᠵᠢᠯᠯᠠᠭᠠᠨ ᠤ | ᠮᠠᠰᠢᠨ ᠴᠣᠭᠴᠠᠯᠠᠪᠤᠷᠢ ᠶᠢ ᠵᠦᠶ ᠵᠣᠬᠢᠰᠲᠠᠶ ᠳᠣᠭᠢᠷᠠᠭᠤᠯᠤᠨ᠂ ᠴᠢᠩᠭ᠎ᠠ᠂ ᠪᠣᠳᠠᠲᠠᠶ᠂ ᠨᠠᠷᠢᠯᠢᠭ᠂ ᠦᠨᠡᠨ ᠬᠦ | ᠠᠵᠢᠯ ᠤᠨ ᠰᠤᠷᠲᠠᠯ ᠢᠶᠠᠷ ᠲᠥᠬᠦᠭᠡᠷᠦᠮᠵᠢ ᠶᠢᠨ ᠠᠵᠢᠯᠯᠠᠭᠠᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠮᠠᠰᠢᠨ | ᠴᠣᠭᠴᠠᠯᠠᠪᠤᠷᠢ ᠶᠢᠨ ᠥᠨᠳᠥᠷ ᠦᠷ᠎ᠡ ᠪᠦᠲᠦᠮᠵᠢᠲᠡᠶ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠥᠬᠦ | ᠬᠦᠴᠦᠨ ᠢᠶᠠᠷ ᠢᠶᠠᠨ ᠪᠠᠲᠤᠯᠠᠵᠤ ᠪᠤᠢ᠃ |