ᠬᠦᠷᠡᠯ ᠪᠠᠯᠭᠠᠰᠤ 11 ᠰᠠᠷ᠎ᠠ ᠶᠢᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/11/29
      11 ᠰᠠᠷ᠎ᠠ ᠶᠢᠨ 26 ᠤ ᠡᠳᠦᠷ᠂  ᠵᠠᠯᠠᠶᠢᠳ ᠬᠤᠰᠢᠭᠤᠨ ᠤ ᠬᠦᠷᠡᠯ ᠪᠠᠯᠭᠠᠰᠤ 11 ᠰᠠᠷ᠎ᠠ ᠶᠢᠨ ᠠᠮᠤᠷ  ᠠᠮᠤᠭᠤᠯᠠᠩ ᠤᠨ ᠪᠠᠶᠢᠭᠤᠯᠤᠯᠲᠠ ᠶᠢᠨ ︽ᠰᠠᠷ᠎ᠠ ᠶᠢᠨ ᠡᠭᠡᠯᠵᠢᠳᠣ ᠬᠤᠷᠠᠯ︾ ᠬᠤᠷᠠᠯᠳᠤᠭᠤᠯᠵᠤ᠂ ︽ᠵᠥᠷᠢᠴᠡᠯ ᠵᠢᠭᠤᠷᠠᠯᠳᠤᠭᠠᠨ ᠢ ᠠᠷᠢᠯᠭᠠᠵᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ︾ ᠲᠤᠰᠬᠠᠶ ᠵᠠᠰᠠᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠣᠶᠢᠷ᠎ᠠ ᠶᠢᠨ ᠬᠤᠭᠤᠴᠠᠭᠠᠨ ᠳᠤ ᠵᠢᠭᠰᠠᠭᠠᠨ ᠪᠠᠶᠢᠴᠠᠭᠠᠵᠤ ᠭᠠᠷᠭᠠᠭᠰᠠᠨ ᠵᠥᠷᠢᠴᠡᠯ ᠵᠢᠭᠤᠷᠠᠯᠳᠤᠭᠠᠨ ᠢ ᠵᠠᠳᠠᠯᠤᠨ ᠰᠤᠳᠤᠯᠵᠤ ᠮᠠᠭᠠᠳᠯᠠᠪᠠ᠃      ᠬᠤᠷᠠᠯ ᠠᠴᠠ ᠨᠢᠭᠡ ᠳᠤ ᠡᠯ᠎ᠡ ᠭᠠᠴᠠᠭ᠎ᠠ ︵ᠨᠡᠶᠢᠭᠡᠮ ᠲᠣᠭᠤᠷᠢᠭ︶᠂ ᠬᠠᠮᠢᠶ᠎ᠠ ᠪᠥᠬᠦᠶ ᠥᠷᠲᠡᠭᠡ ᠭᠠᠵᠠᠷ ᠤᠨ  ᠬᠢᠨ ᠨᠠᠷᠢᠨ ᠲᠠᠩᠰᠠ ᠶᠢᠨ ᠠᠭᠤᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠪᠠᠯᠭᠠᠰᠤᠨ ᠤ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨ ᠬᠦ ᠪᠠᠳᠤᠯᠠᠬᠤ ᠬᠡᠷᠡᠭᠲᠡᠶ᠃ ᠡᠯ᠎ᠡ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠪᠦᠷᠢᠯᠳᠦᠬᠦᠨ ᠨᠢᠭᠡᠴᠢ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠶᠢᠨ ᠬᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ  ᠪᠠᠨ ᠴᠢᠩᠭᠠᠳᠬᠠᠵᠤ᠂  ᠨᠤᠲᠤᠭ ᠲᠠᠭᠠᠨ ᠪᠤᠴᠠᠭᠰᠠᠨ ᠬᠥᠮᠦᠰ ᠵᠡᠷᠭᠡ 21 ᠲᠥᠷᠥᠯ ᠤᠨ ᠭᠤᠤᠯᠳᠠᠯᠭ᠎ᠠ ᠲᠠᠢ ᠬᠥᠮᠦᠰ ᠢ ᠦᠷᠭᠦᠯᠵᠢᠯᠡᠨ ᠡᠮᠬᠢᠯᠡᠨ᠂ ᠵᠥᠷᠢᠴᠡᠯ ᠢ ᠰᠢᠢᠳᠪᠤᠷᠢᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠤ ᠱᠠᠭᠠᠷᠳᠠᠵᠠᠢ᠃
 
ᠢᠷᠡᠯᠲᠡ᠄ ᠬᠦᠷᠡᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号