ᠨᠤᠨᠮᠦ᠋ᠷᠡᠨ ᠰᠢᠶᠠᠩ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/29
      11 ᠰᠠᠷ᠎ᠠ ᠶᠢᠨ 23 ᠤ ᠡᠳᠦᠷ᠂  ᠵᠠᠯᠠᠶᠢᠳ ᠬᠤᠰᠢᠭᠤᠨ ᠤ ᠨᠤᠨᠮᠦ᠋ᠷᠡᠨ ᠰᠢᠶᠠᠩ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠢ ᠰᠢᠶᠠᠩ ᠤᠨ ᠨᠠᠮ ᠤᠨ ᠬᠤᠷᠢᠶᠠᠨ ᠤ ᠱᠦᠵᠢ ᠵᠦᠩ ᠰᠢᠤᠸᠠᠢ ᠯᠢ ᠡᠷᠬᠢᠯᠡᠵᠦ᠂ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠵᠠᠩᠭᠢᠯᠠᠭ᠎ᠠ ᠶᠢᠨ ᠺᠠᠳ᠋ᠷ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠡᠭᠦᠷ ᠤᠨ ᠱᠦᠵᠢ᠂ ᠰᠤᠷᠭᠠᠭᠤᠯᠢ ᠶᠢᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠳᠣᠬᠠᠨ ᠤ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠷᠠᠯ ᠠᠴᠠ ᠪᠠᠰᠠ ᠪᠦᠬᠦ ᠰᠢᠶᠠᠩ ᠤᠨ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠣᠨ ᠤ ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠳᠤ ᠲᠤᠬᠢᠷᠠᠭᠤᠯᠤᠯᠳᠠ ᠬᠢᠵᠦ᠂ ᠵᠢᠯ ᠤᠨ ᠰᠡᠭᠦᠯᠴᠢ ᠠᠴᠠ ᠡᠮᠦᠨᠡᠬᠢ ᠡᠯ᠎ᠡ ᠵᠦᠢᠯ ᠤᠨ ᠠᠵᠢᠯ ᠤᠨ ᠰᠠᠬᠢᠯᠭ᠎ᠠ ᠪᠠᠲᠤ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃
 
ᠢᠷᠡᠯᠲᠡ᠄ ᠨᠤᠨᠮᠦ᠋ᠷᠡᠨ ᠰᠢᠶᠠᠩ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号